ᠲᠦᠷᠦᠭᠦᠬᠡᠨ ᠵᠣᠣ ᠣᠪᠣᠭᠲᠤ ᠡᠮᠡᠭᠲᠡᠶ ᠰᠦᠯᠵᠢᠶᠡᠨ ᠳᠡᠭᠡᠷ᠎ᠡ ᠠᠴᠠ ᠶᠠᠳᠠᠭᠤ ᠶᠢ ᠲᠡᠳᠬᠦᠬᠦ ᠲᠦᠷᠦᠯ | ᠵᠤᠶᠢᠯ ᠤᠨ ᠵᠠᠷ ᠢ ᠣᠯᠵᠤ ᠦᠵᠡᠭᠰᠡᠨ ᠪᠥᠭᠡᠳ ᠵᠠᠷ ᠤᠨ ᠠᠭᠤᠯᠭ᠎ᠠ ᠶᠣᠰᠣᠭᠠᠷ ᠬᠠᠮᠢᠶ᠎ᠠ ᠪᠥᠬᠦᠶ App ᠶᠢ | ᠪᠠᠭᠤᠯᠭᠠᠨ ᠠᠪᠤᠪᠠ᠃ App ᠲᠡᠭᠡᠷ᠎ᠡ ᠨᠥᠭᠦᠭᠡ ᠡᠲᠡᠭᠡᠳ ᠤᠨ ᠤᠶᠢᠯᠡᠴᠢᠯᠡᠭᠴᠢ ᠠᠴᠠ ᠵᠣᠣ ᠣᠪᠣᠭᠲᠤ ᠳᠤ | ᠵᠥᠪᠬᠡᠨ ᠲᠡᠳᠡᠨ ᠲᠠᠢ ᠬᠠᠮᠵᠢᠯᠴᠠᠨ ︽ᠴᠤᠪᠤᠷᠠᠯ ᠭᠠᠷᠭᠠᠬᠤ︾ ᠡᠭᠦᠷᠭᠡ ᠶᠢ ᠪᠡᠶᠡᠯᠡᠭᠦᠯᠵᠤ᠂ ᠲᠦᠭᠦᠮᠭᠡᠨ ᠢᠶᠠᠷ | ᠵᠣᠭᠤᠰ ᠬᠤᠷᠢᠶᠠᠬᠤ᠂ ᠪᠡᠯᠡᠨ ᠵᠣᠭᠤᠰ ᠭᠠᠷᠭᠠᠨ ᠠᠪᠬᠤ᠂ ᠲᠠᠩᠰᠠ ᠰᠢᠯᠵᠢᠭᠦᠯᠬᠦ ᠶᠠᠪᠤᠴᠠ ᠶᠢ ᠬᠦᠢᠴᠡᠳᠭᠡᠪᠡᠯ | ᠳᠠᠷᠤᠶ ︽ᠤᠯᠤᠰ ᠤᠨ ᠶᠠᠳᠠᠭᠤ ᠶᠢ ᠲᠡᠳᠬᠦᠬᠦ ᠨᠥᠬᠦᠪᠥᠷᠢ︾ ᠶᠢ ᠠᠪᠴᠤ ᠪᠣᠯᠤᠨ᠎ᠠ ᠭᠡᠵᠦ ᠲᠠᠨᠢᠯᠴᠠᠭᠤᠯᠪᠠ᠃ | ᠡᠭᠦᠨ ᠢ ᠪᠠᠳᠤ ᠢᠳᠡᠭᠡᠭᠰᠡᠨ ᠵᠣᠣ ᠣᠪᠣᠭᠲᠤ ᠨᠥᠭᠦᠭᠡ ᠡᠲᠡᠭᠡᠳ ᠲᠡᠭᠡᠨ ᠪᠠᠩᠬᠢ ᠶᠢᠨ ᠺᠠᠷᠲ ᠤᠨ ᠨᠣᠮᠧᠷ | ᠪᠣᠯᠤᠨ ᠪᠡᠶ᠎ᠡ ᠶᠢᠨ ᠦᠨᠡᠮᠯᠡᠯ ᠤᠨ ᠬᠡᠷᠡᠯ ᠵᠢᠷᠤᠭ ᠢᠶᠠᠨ ᠦᠭᠭᠦᠭᠰᠡᠨ ᠳᠤ᠂ ᠲᠣᠰ ᠡᠳᠦᠷ ᠤᠨ ᠦᠳᠡ ᠶᠢᠨ ᠡᠮᠦᠨᠡᠬᠢ | 8 ᠴᠠᠭ ᠲᠤ ᠪᠠᠩᠬᠢ ᠶᠢᠨ ᠺᠠᠷᠲ ᠲᠤᠨᠢ 15 ᠲᠦᠮᠡᠨ ᠲᠥᠭᠦᠷᠢᠭ ᠵᠤᠭᠤᠰ ᠤᠷᠤᠵᠤ ᠢᠷᠡᠪᠡ᠂ ᠲᠠᠷᠠᠭ᠎ᠠ ᠨᠢ ᠵᠣᠣ | ᠣᠪᠣᠭᠲᠤ ᠨᠥᠭᠦᠭᠡ ᠡᠲᠡᠭᠡᠳ ᠤᠨ ᠢᠶᠠᠨ ᠱᠠᠭᠠᠷᠳᠠᠯᠭ᠎ᠠ ᠪᠠᠷ ᠪᠠᠩᠬᠢ ᠶᠢᠨ ᠯᠠᠩᠭᠦᠶ ᠳᠤ ᠬᠦᠷᠴᠦ ᠪᠡᠯᠡᠨ ᠵᠣᠭᠤᠰ | ᠭᠠᠷᠭᠠᠨ ᠠᠪᠤᠭᠠᠳ ᠳᠠᠬᠢᠨ ᠲᠠᠩᠰᠠ ᠰᠢᠯᠵᠢᠭᠦᠯᠬᠦ ᠬᠡᠰᠡᠨ ᠳᠤ ᠪᠠᠩᠬᠢ ᠶᠢᠨ ᠠᠵᠢᠯᠲᠠᠨ ᠰᠡᠵᠢᠭᠲᠡᠶ ᠪᠠᠶᠢᠬᠤ ᠶᠢ | ᠣᠯᠵᠤ ᠮᠡᠳ᠋ᠭᠡᠳ ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠪᠡ᠃ᠬᠠᠷᠭᠤᠭᠤᠯᠤᠨ ᠪᠠᠶᠢᠴᠠᠭᠠᠭᠰᠠᠨ ᠢᠶᠠᠷ᠂ ᠲᠣᠰ | 15 ᠲᠦᠮᠡᠨ ᠲᠥᠭᠦᠷᠢᠭ ᠵᠣᠭᠤᠰ ᠪᠣᠯ ᠮᠡᠬᠡᠯᠡᠯ ᠳᠤ ᠬᠤᠯᠪᠣᠭᠳᠠᠭᠰᠠᠨ ᠪᠠᠯᠠ ᠮᠥᠩᠭᠦ ᠪᠣᠯᠬᠤ ᠪᠥᠭᠡᠳ | ᠣᠳᠣᠬᠠᠨ ᠳᠤ ᠶᠠᠭ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | ︽ᠶᠠᠳᠠᠭᠤ ᠶᠢ ᠲᠡᠳᠬᠦᠬᠦ ᠵᠣᠭᠤᠰ︾ ᠭᠡᠬᠦ ᠨᠡᠷ᠎ᠡ ᠪᠠᠷ ︽ᠴᠤᠪᠤᠷᠠᠯ ᠭᠠᠷᠭᠠᠬᠤ︾ ᠪᠠᠷ ᠰᠢᠯᠳᠠᠭ ᠪᠤᠯᠭᠠᠨ᠂ | ᠲᠤᠬᠠᠶ ᠶᠢᠨ ᠬᠥᠮᠦᠨ ᠢ ︽ᠵᠣᠭᠤᠰ ᠤᠬᠢᠶᠠᠬᠤ︾ ᠰᠢᠨ᠎ᠡ ᠬᠡᠯᠪᠡᠷᠢ ᠶᠢᠨ ᠮᠡᠬᠡᠯᠡᠯ ᠳᠤ ᠣᠷᠣᠯᠴᠠᠭᠤᠯᠬᠤ ᠳᠤ | ᠨᠡᠶᠢᠳᠡᠮ ᠳᠡᠭᠡᠨ ᠡᠶᠢᠮᠦ ᠠᠷᠭ᠎ᠠ ᠵᠠᠮ ᠢ ᠠᠪᠴᠤ ᠪᠠᠶᠢᠨ᠎ᠠ᠄ | 1. ᠲᠤᠭ᠎ᠠ ᠬᠡᠮᠵᠢᠶ᠎ᠡ ᠶᠢ ᠨᠡᠮᠡᠭᠳᠡᠬᠦᠯᠬᠦ ᠪᠠᠷ ᠬᠦᠳᠦᠯᠦᠨ ᠵᠢᠯᠤᠭᠤᠳᠴᠤ ᠳᠡᠯᠭᠡᠷᠡᠭᠦᠯᠬᠦᠮᠡᠬᠡᠯᠡᠭᠴᠢ ᠨᠢ ︽ | ᠶᠠᠳᠠᠭᠤ ᠶᠢ ᠲᠡᠳᠬᠦᠬᠦ ᠵᠣᠭᠤᠰ ᠲᠠᠷᠬᠠᠭᠠᠬᠤ︾᠂ ︽ᠨᠢᠭᠦᠯᠡᠰᠦᠩᠭᠦᠶ ᠶᠢᠨ ᠵᠣᠭᠤᠰ ᠲᠠᠷᠬᠠᠭᠠᠬᠤ︾ ᠵᠡᠷᠭᠡ ᠪᠠᠷ | ᠬᠠᠯᠬᠠᠪᠴᠢ ᠪᠣᠯᠭᠠᠵᠤ᠂ ᠳ᠋ᠢᠶᠠᠩᠬᠤᠸᠠ᠂ ᠣᠬᠤᠷ ᠮᠡᠳᠡᠭᠡ᠂ ᠨᠡᠶᠢᠭᠡᠮ ᠤᠨ ᠬᠠᠷᠢᠯᠴᠠᠭᠠᠨ ᠤ ᠵᠥᠭᠡᠯᠡᠨ ᠲᠣᠨᠤᠭ ᠵᠡᠷᠭᠡ | ᠠᠷᠭ᠎ᠠ ᠮᠠᠶ᠋ᠢᠭ ᠢᠶᠠᠷ ︽ᠶᠠᠳᠠᠭᠤ ᠶᠢ ᠲᠡᠳᠬᠦᠬᠦ ᠵᠣᠭᠤᠰ᠂ ᠨᠢᠭᠦᠯᠡᠰᠦᠩᠭᠦᠶ ᠶᠢᠨ ᠵᠣᠭᠤᠰ ᠢ ᠦᠨ᠎ᠡ ᠲᠥᠯᠥᠪᠦᠷᠢ | ᠥᠬᠡᠶ ᠪᠠᠷ ᠣᠯᠵᠤ ᠪᠣᠯᠤᠨ᠎ᠠ︾ ᠬᠡᠰᠡᠨ ᠬᠤᠳᠠᠯ ᠬᠠᠭᠤᠷᠮᠠᠭ ᠵᠠᠷ ᠨᠡᠶᠢᠲᠡᠯᠡᠵᠦ᠂ ᠲᠤᠬᠠᠶ ᠶᠢᠨ ᠬᠥᠮᠦᠨ ᠢ ᠬᠥᠲᠥᠯᠥᠨ | ᠵᠢᠯᠣᠭᠤᠳᠴᠤ ᠪᠠᠶᠢᠭᠠᠳ ᠬᠤᠳᠠᠯ ᠬᠠᠭᠤᠷᠮᠠᠭ ᠰᠠᠭᠤᠷᠢ ᠮᠥᠩᠭᠦᠨ ᠤ ᠨᠡᠶᠢᠭᠡᠮᠯᠢᠭ ᠤᠨ App ᠶᠢ ᠪᠠᠭᠤᠯᠭᠠᠨ | ᠠᠪᠤᠭᠤᠯᠬᠤ ᠪᠤᠶᠤ ᠬᠤᠳᠠᠯ ᠬᠠᠭᠤᠷᠮᠠᠭ ᠰᠦᠯᠵᠢᠶᠡᠨ ᠥᠷᠲᠡᠭᠡ ᠳᠤ ᠤᠷᠤᠭᠤᠯᠳᠠᠭ᠃ | 2. ᠲᠠᠷᠢᠬᠢ ᠶᠢ ᠪᠠᠨ ᠤᠬᠢᠶᠠᠵᠤ ᠬᠥᠲᠥᠯᠥᠨ ᠵᠢᠯᠣᠭᠤᠳᠬᠤᠮᠡᠬᠡᠯᠡᠭᠴᠢ ᠨᠢ ᠪᠠᠩᠬᠢ ᠶᠢᠨ ᠺᠠᠷᠲ᠂ ᠪᠡᠶ᠎ᠡ ᠶᠢᠨ | ᠦᠨᠡᠮᠯᠡᠯ ᠢᠶᠠᠨ ᠬᠠᠩᠭᠠᠬᠤ ᠶᠢ ᠲᠤᠬᠠᠶ ᠶᠢᠨ ᠬᠥᠮᠦᠨ ᠳᠤ ᠱᠠᠭᠠᠷᠳᠠᠳᠠᠭ᠃ | 3. ᠮᠡᠭᠡᠯᠡᠯ ᠤᠨ ᠬᠡᠷᠡᠭ ᠬᠢᠬᠦᠮᠡᠬᠡᠯᠡᠭᠴᠢ ᠨᠢ ᠲᠤᠬᠠᠶ ᠶᠢᠨ ᠬᠥᠮᠦᠨ ᠢ ᠪᠡᠯᠡᠨ ᠵᠣᠭᠤᠰ ᠭᠠᠷᠭᠠᠵᠤ | ᠠᠪᠤᠭᠰᠠᠨ ᠤ ᠳᠠᠷᠠᠭ᠎ᠠ ᠰᠠᠶ᠋ᠢ ᠲᠣᠭᠲᠠᠭᠰᠠᠨ ᠪᠠᠩᠬᠢ ᠶᠢᠨ ᠲᠠᠩᠰᠠᠨ ᠡᠷᠦᠬᠡ ᠳᠤ ᠰᠢᠯᠵᠢᠭᠦᠯᠬᠦ ᠶᠢ ᠱᠠᠭᠠᠷᠳᠠᠵᠤ᠂ | ᠡᠶᠢᠮᠦᠷᠬᠦ ᠠᠷᠭ᠎ᠠ ᠮᠠᠶ᠋ᠢᠭ ᠢᠶᠠᠷ ︽ᠵᠣᠭᠤᠰ ᠤᠬᠢᠶᠠᠬᠤ︾ ᠪᠠᠨ ᠪᠡᠶᠡᠯᠡᠬᠦᠯᠳᠡᠭ᠃ | ᠴᠠᠭᠳᠠᠭᠠᠨ ᠤ ᠲᠠᠯ᠎ᠠ ᠶᠢᠨ ᠬᠢᠨ᠄ ᠲᠩᠷᠢ ᠳᠡᠭᠡᠷ᠎ᠡ ᠠᠴᠠ ᠱᠠᠯᠪᠢᠩ ᠤᠨᠠᠵᠤ ᠢᠷᠡᠬᠦ ᠦᠭᠡᠶ ᠶᠤᠮ᠂ ᠬᠤᠪᠢ | ᠬᠥᠮᠦᠨ ᠤ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠬᠤᠳᠠᠯᠳᠤᠬᠤ ᠪᠤᠶᠤ ᠬᠠᠩᠭᠠᠵᠤ ᠪᠣᠯᠬᠤ ᠦᠭᠡᠶ᠂ ᠢᠷᠡᠯᠲᠡ ᠨᠢ | ᠲᠣᠳᠣᠷᠬᠠᠶ ᠦᠭᠡᠶ ᠶᠡᠭᠡ ᠲᠣᠭᠠᠨ ᠤ ᠵᠣᠭᠤᠰ ᠰᠢᠯᠵᠢᠭᠦᠯᠵᠦ ᠪᠣᠯᠬᠤ ᠦᠭᠡᠶ᠂ ᠨᠡᠩ ᠴᠤ ᠲᠠᠨᠢᠬᠤ ᠦᠭᠡᠶ ᠬᠥᠮᠦᠨ ᠢ | ᠬᠠᠪᠰᠤᠷᠤᠨ ᠪᠡᠯᠡᠨ ᠵᠣᠭᠤᠰ ᠭᠠᠷᠭᠠᠵᠤ ᠠᠪᠬᠤ ᠪᠤᠶᠤ ᠵᠣᠭᠤᠰ ᠰᠢᠯᠵᠢᠭᠦᠯᠵᠦ ᠪᠣᠯᠬᠤ ᠦᠭᠡᠶ ᠭᠡᠵᠦ ᠰᠠᠨᠠᠭᠤᠯᠵᠤ | ᠪᠠᠶᠢᠨ᠎ᠠ᠃ |