ᠰᠤᠷᠪᠤᠯᠵᠢᠯᠠᠭᠴᠢ 9 ᠤ ᠡᠳᠦᠷ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ | ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠥᠬᠦ ᠤᠯᠤᠰ ᠤᠨ ᠴᠠᠬᠢᠯᠭᠠᠨ ᠬᠡᠷᠡᠭᠰᠡᠯ ᠤᠨ ᠺᠣᠮᠫᠠᠨᠢ ᠶᠢᠨ | ᠬᠠᠭᠤᠴᠢᠨ ᠢᠶᠠᠷ ᠰᠢᠨ᠎ᠡ ᠶᠢ ᠰᠣᠯᠢᠬᠤ ᠵᠢᠴᠢ ᠭᠠᠷ ᠤᠲᠠᠰᠤ ᠵᠡᠷᠭᠡ ᠲᠣᠭᠠᠴᠢᠯᠠᠭᠰᠠᠨ ᠤᠶᠢᠯᠡᠳᠬᠦᠨ ᠬᠤᠳᠠᠯᠳᠤᠨ | ᠠᠪᠬᠤ ᠰᠢᠨ᠎ᠡ ᠳ᠋ᠠᠶᠢᠲ᠋ᠠ ᠶᠢᠨ ᠲᠠᠪᠴᠠᠩ ᠠᠴᠠ ᠦᠵᠡᠪᠡᠯ 1 ᠰᠠᠷ᠎ᠠ ᠶᠢᠨ 20 ᠤ ᠡᠳᠦᠷ ᠤᠨ 0 ᠴᠠᠭ ᠠᠴᠠ 2 | ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ 2009.2 ᠲᠦᠮᠡᠨ ᠬᠡᠷᠡᠭᠯᠡᠭᠴᠢ 2541.4 ᠲᠦᠮᠡᠨ ᠭᠠᠷ | ᠤᠲᠠᠰᠤ ᠵᠡᠷᠭᠡ ᠲᠣᠭᠠᠴᠢᠯᠠᠭᠰᠠᠨ ᠤᠶᠢᠯᠡᠳᠬᠦᠨ ᠬᠤᠳᠠᠯᠳᠤᠨ ᠠᠪᠬᠤ ᠨᠥᠬᠦᠪᠥᠷᠢ ᠶᠢ ᠭᠤᠶᠤᠴᠢᠯᠠᠪᠠ᠃ | 1 ᠰᠠᠷ᠎ᠠ ᠶᠢᠨ 15 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ︽ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ᠂ ᠤᠶᠤᠨᠲᠤ ᠭᠠᠷ ᠴᠠᠭ ︵ᠪᠠᠭᠤᠤ ᠴᠠᠭ︶ | ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ ᠰᠢᠨ᠎ᠡ ᠲᠥᠰᠦᠯ︾ ᠢ ᠨᠡᠶᠢᠲᠡᠯᠡᠪᠡ᠃ 1 ᠰᠠᠷ᠎ᠠ ᠶᠢᠨ | 20 ᠤ ᠡᠳᠦᠷ᠂ ᠪᠥᠬᠦ ᠤᠯᠤᠰ ᠤᠨ 28 ᠮᠤᠵᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ | ᠬᠡᠷᠡᠭᠵᠢᠭᠦᠯᠵᠦ᠂ ᠪᠤᠰᠤᠳ ᠭᠠᠵᠠᠷ ᠣᠷᠣᠨ ᠴᠤ ᠵᠠᠯᠭᠠᠭ᠎ᠠ ᠪᠠᠷ ᠬᠡᠷᠡᠭᠵᠢᠭᠦᠯᠪᠡ᠃ ᠳᠤᠮᠳᠠᠳᠤ ᠤᠯᠤᠰ ᠤᠨ | ᠪᠠᠩᠬᠢ ᠶᠢᠨ ᠬᠤᠯᠪᠣᠭᠠᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠥᠬᠦ ᠤᠯᠤᠰ ᠤᠨ 6000 | ᠭᠠᠷᠤᠶ ᠬᠤᠳᠠᠯᠳᠤᠭᠠᠨ ᠤ ᠡᠷᠦᠬᠡ ᠪᠠᠩᠬᠢ ᠶᠢᠨ ᠬᠤᠯᠪᠣᠭ᠎ᠠ ᠪᠠᠷ ᠳᠠᠮᠵᠢᠭᠤᠯᠤᠨ ᠭᠠᠷ ᠤᠲᠠᠰᠤ ᠵᠡᠷᠭᠡ | ᠲᠣᠭᠠᠴᠢᠯᠠᠭᠰᠠᠨ ᠤᠶᠢᠯᠡᠳᠬᠦᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯᠯᠠᠭ᠎ᠠ ᠳᠤ ᠣᠷᠣᠯᠴᠠᠵᠤ᠂ | ᠨᠥᠬᠦᠪᠥᠷᠢ ᠶᠢᠨ ᠠᠷᠠᠯᠵᠢᠶ᠎ᠠ ᠶᠢ 626.84 ᠲᠦᠮᠡᠨ ᠬᠤᠪᠢ ᠬᠢᠵᠦ᠂ ᠪᠣᠷᠣᠯᠠᠭᠤᠯᠭ᠎ᠠ ᠶᠢᠨ ᠵᠣᠭᠤᠰ ᠤᠨ | ᠲᠤᠭ᠎ᠠ ᠨᠢ ᠪᠠᠷᠤᠭ 205.8 ᠳ᠋ᠦᠩᠰᠢᠭᠤᠷ ᠲᠥᠭᠦᠷᠢᠭ ᠲᠤ ᠬᠦᠷᠴᠡᠶ᠃ |