ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠭᠡᠷ ᠪᠠᠶᠢᠰᠢᠩ ᠬᠤᠳᠠᠯᠳᠤᠨ ᠠᠪᠬᠤ | ᠥᠪᠡᠷ ᠤᠨ ᠥᠷᠲᠡᠭ ᠢ ᠪᠠᠭᠤᠷᠠᠭᠤᠯᠤᠨ᠎ᠠ︔ ᠭᠡᠷ ᠲᠦᠷᠢᠶᠡᠰᠦᠯᠡᠬᠦ ᠮᠦᠡᠭᠭᠦ ᠭᠠᠷᠭᠠᠨ ᠠᠪᠬᠤ ᠶᠠᠪᠤᠴᠠ ᠶᠢ | ᠰᠢᠯᠢᠳᠡᠭᠵᠢᠭᠦᠯᠵᠦ᠂ ᠠᠷᠠᠳ ᠣᠯᠠᠨ ᠤ ᠠᠮᠤᠭᠤᠯᠠᠩ ᠰᠠᠭᠤᠴᠠ ᠳᠤ ᠬᠦᠴᠦᠨ ᠨᠡᠮᠡᠷᠢᠯᠡᠨ᠎ᠡ︔ ᠣᠯᠠᠨ | ᠭᠠᠵᠠᠷ ᠤᠨ ᠬᠢᠨ ᠤᠨᠳᠤᠤ ᠭᠠᠵᠠᠷ ᠠᠴᠠ ᠮᠦᠡᠭᠭᠦ ᠭᠠᠷᠭᠠᠨ ᠠᠪᠬᠤ ᠶᠢ ᠳᠡᠮᠵᠢᠵᠦ᠂ ᠬᠤᠲᠠ ᠶᠢᠨ ᠠᠷᠠᠳ ᠤᠨ ᠬᠡᠷ | ᠪᠠᠶᠢᠰᠢᠩ ᠬᠤᠳᠠᠯᠳᠤᠨ ᠠᠪᠬᠤ ᠳᠤ ᠲᠥᠬᠦᠮ ᠦᠵᠡᠭᠦᠯᠤᠨ᠎ᠡ︔ ᠮᠠᠲ᠋ᠧᠷᠢᠶᠠᠯ ᠲᠤᠰᠢᠶᠠᠬᠤ ᠥᠬᠡᠶ ᠪᠠᠷ ᠭᠤᠶᠤᠴᠢᠯᠠᠬᠤ | ᠂ ᠬᠡᠵᠢᠶ᠎ᠡ ᠬᠠᠮᠢᠭ᠎ᠠ ᠪᠠᠶᠢᠬᠰᠠᠨ ᠴᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠨ᠎ᠡ ᠁ ᠡᠨᠡ ᠵᠢᠯ ᠠᠴᠠ ᠨᠠᠭᠠᠰᠢ | ᠂ ᠪᠥᠬᠦ ᠤᠯᠤᠰ ᠤᠨ 20 ᠭᠠᠷᠤᠶ ᠬᠤᠲᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠰᠢᠯᠢᠳᠡᠭᠵᠢᠭᠦᠯᠦᠨ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ᠬᠡᠷ ᠪᠠᠶᠢᠰᠢᠩ | ᠬᠤᠳᠠᠯᠳᠤᠨ ᠠᠪᠬᠤ ᠥᠪᠡᠷ ᠤᠨ ᠥᠷᠲᠡᠭ ᠪᠠ ᠨᠥᠬᠦᠴᠡᠯ ᠢ ᠪᠠᠭᠤᠷᠠᠭᠤᠯᠵᠤ᠂ ᠠᠷᠠᠳ ᠣᠯᠠᠨ ᠳᠤ ᠮᠠᠰᠢ ᠶᠡᠭᠡ | ᠲᠥᠬᠦᠮ ᠦᠵᠡᠭᠦᠯᠦᠭᠰᠡᠨ ᠪᠠᠶᠢᠨ᠎ᠠ᠃ | ■ᠣᠯᠠᠨ ᠭᠠᠵᠠᠷ ᠤᠨ ᠬᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠣᠬᠢᠷᠠᠭᠤᠯᠤᠨ | ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ 2 ᠰᠠᠷ᠎ᠠ ᠶᠢᠨ ᠲᠤᠷᠰᠢ᠂ ᠡᠯ᠎ᠡ ᠭᠠᠵᠠᠷ ᠤᠨ ᠬᠢᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠯᠢᠳᠡᠭᠵᠢᠭᠦᠯᠦᠨ ᠲᠣᠬᠢᠷᠠᠭᠤᠯᠬᠤ | ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ᠴᠠᠩᠱᠠ᠂ ᠵᠢᠨᠠᠨ᠂ ᠳ᠋ᠠᠯᠢᠶᠠᠨ ᠵᠡᠷᠭᠡ ᠬᠤᠲᠠ ᠨᠢ ᠴᠥᠮ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ | ᠠᠳᠠᠯᠢ ᠪᠤᠰᠤ ᠬᠡᠮᠵᠢᠶ᠎ᠡ ᠪᠠᠷ ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠤᠭ᠎ᠠ ᠬᠡᠮᠵᠢᠶ᠎ᠡ ᠶᠢ ᠦᠨᠳᠦᠰᠦᠨ ᠳᠡᠭᠡᠨ | ᠬᠡᠳᠦᠨ ᠠᠷᠪᠠᠨ ᠲᠦᠮᠡᠨ ᠲᠥᠭᠦᠷᠢᠭ ᠠᠳᠠᠯᠢ ᠪᠤᠰᠤ ᠬᠡᠮᠵᠢᠶ᠎ᠡ ᠪᠠᠷ ᠲᠡᠭᠡᠭᠰᠢᠯᠡᠬᠦᠯᠵᠡᠢ᠂ ᠡᠭᠦᠨ ᠠᠴᠠ ᠭᠠᠳᠠᠨ᠎ᠠ | ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠴᠤ 20% ᠪᠣᠯᠲᠠᠯ᠎ᠠ ᠪᠠᠭᠤᠷᠠᠭᠤᠯᠤᠬᠰᠠᠨ ᠪᠠᠶᠢᠨ᠎ᠠ᠃ | ᠴᠠᠩᠱᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ | ᠲᠥᠪ ᠤᠨ ᠲᠥᠷᠥ ᠶᠢᠨ ᠪᠣᠳᠣᠯᠭ᠎ᠠ ᠶᠢᠨ ᠲᠤᠬᠠᠶᠢᠯᠠᠭᠰᠠᠨ ᠠᠵᠢᠯ ᠤᠨ ᠬᠡᠯᠲᠡᠰ ᠤᠨ ᠳᠠᠷᠤᠭ᠎ᠠ ᠯᠢᠦ ᠳ᠋ᠠᠨ | ᠰᠤᠷᠪᠤᠯᠵᠢᠯᠠᠭᠴᠢ ᠳᠤ ᠬᠡᠯᠡᠬᠦ ᠳᠡᠭᠡᠨ᠂ ᠵᠢᠱᠢᠶᠡᠯᠡᠪᠡᠯ᠂ 150 ᠲᠦᠮᠡᠨ ᠲᠥᠭᠦᠷᠢᠭ ᠤᠨ ᠰᠢᠨ᠎ᠡ ᠬᠡᠷ ᠪᠠᠶᠢᠰᠢᠩ | ᠬᠤᠳᠠᠯᠳᠤᠨ ᠠᠪᠴᠤ᠂ ᠠᠵᠢᠯᠲᠠᠨ ᠠᠵᠢᠯᠴᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮ ᠵᠢᠭᠡᠯᠡᠯᠭᠡ | ᠭᠤᠶᠤᠴᠢᠯᠠᠬᠤ ᠳᠤ ᠬᠦᠷᠪᠡᠯ᠂ ᠠᠩᠬ᠎ᠠ ᠲᠤᠰᠢᠶᠠᠬᠤ ᠵᠣᠭᠤᠰ ᠢ ᠤᠤᠯ ᠤᠨ 45 ᠲᠦᠮᠡ ᠠᠴᠠ 30 ᠲᠦᠮᠡ | ᠪᠣᠯᠭᠠᠨ ᠪᠠᠭᠤᠷᠠᠭᠤᠯᠵᠤ ᠪᠣᠯᠤᠨ᠎ᠠ ᠬᠡᠪᠡ᠃ ᠲᠢᠶᠠᠨᠵᠢᠨ᠂ ᠢᠴᠠᠩ᠂ ᠯᠠᠨᠵᠧᠤ ᠵᠡᠷᠭᠡ ᠭᠠᠵᠠᠷ ᠤᠨ ᠬᠢᠨ ᠬᠤᠪᠢ ᠶᠢᠨ | ᠤᠶᠢᠯᠡᠳᠪᠦᠷᠢ ᠬᠤᠳᠠᠯᠳᠤᠭᠠᠨ ᠤ ᠡᠷᠦᠬᠡ᠂ ᠴᠢᠯᠥᠭᠡᠲᠦ ᠠᠵᠢᠯᠲᠠᠨ ᠵᠡᠷᠭᠡ ᠠᠮᠢᠳᠤᠯᠢᠭ ᠢᠶᠠᠷ ᠠᠵᠢᠯ ᠣᠯᠤᠭᠰᠠᠳ ᠢ | ᠪᠠᠰᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ | ᠬᠡᠪᠴᠢᠶᠡᠨ ᠳᠤ ᠣᠷᠣᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠵᠠᠷᠴᠢᠮ ᠳᠡᠭᠡᠷ᠎ᠡ ᠪᠠᠨ ᠪᠠᠰᠠ ︽ | ᠬᠤᠳᠠᠯᠳᠤᠭᠠᠴᠢᠨ ᠢ ᠠᠯᠪᠠᠨ ᠳᠤ ᠰᠢᠯᠵᠢᠭᠦᠯᠬᠦ︾᠂ ︽ᠣᠯᠠᠨ ᠬᠡᠦᠬᠡᠳ ᠲᠠᠢ ᠬᠡᠷ ᠪᠦᠯᠢ ᠶᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠷ ᠳᠡᠮᠵᠢᠬᠦ ᠲᠥᠷᠥ ᠶᠢᠨ ᠪᠣᠳᠣᠯᠭ᠎ᠠ︾ ᠵᠡᠷᠭᠡ ᠣᠯᠠᠨ ᠳᠠᠪᠬᠤᠷ | ᠡᠷᠬᠡ ᠠᠰᠢᠭ ᠢ ᠭᠥᠷᠳᠡᠵᠦ ᠪᠣᠯᠤᠨ᠎ᠠ ᠭᠡᠵᠦ ᠲᠣᠳᠣᠷᠬᠠᠶ ᠲᠣᠭᠲᠠᠭᠠᠪᠠ᠃ ᠹᠦᠵᠢᠶᠠᠨ ᠤ ᠣᠯᠠᠨ ᠭᠠᠵᠠᠷ ᠤᠨ ᠬᠢᠨ | ᠮᠤᠵᠢ ᠶᠢᠨ ᠳᠣᠲᠣᠷ᠎ᠠ ᠠᠴᠠ ᠪᠠᠨ ᠬᠡᠷ ᠪᠠᠶᠢᠰᠢᠩ ᠬᠤᠳᠠᠯᠳᠤᠨ ᠠᠪᠤᠪᠠᠯ ᠤᠨᠳᠤᠤ ᠭᠠᠵᠠᠷ ᠠᠴᠠ ᠮᠦᠡᠭᠭᠦ ᠭᠠᠷᠭᠠᠵᠤ | ᠠᠪᠬᠤ ᠶᠢ ᠵᠥᠪᠰᠢᠶᠡᠷᠡᠨ᠎ᠡ ᠭᠡᠵᠦ ᠲᠣᠳᠣᠷᠬᠠᠶ ᠲᠣᠭᠲᠠᠭᠠᠵᠤ᠂ ᠰᠢᠶᠠᠮᠧᠨ᠂ ᠫᠦᠲ᠋ᠢᠶᠠᠨ᠂ ᠨᠠᠨᠫᠢᠩ ᠵᠡᠷᠭᠡ ᠭᠠᠵᠠᠷ | ᠤᠨ ᠬᠢᠨ ᠪᠠᠰᠠ ᠡᠴᠢᠭᠡ ᠡᠬᠡ ᠪᠤᠶᠤ ᠦᠷ᠎ᠡ ᠬᠡᠦᠬᠡᠳ ᠵᠡᠷᠭᠡ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠠᠰᠢᠭᠯᠠᠨ ᠬᠡᠷ ᠪᠠᠶᠢᠰᠢᠩ ᠬᠤᠳᠠᠯᠳᠤᠨ | ᠠᠪᠬᠤ ᠵᠢᠭᠡᠯᠡᠯᠭᠡ ᠠᠪᠬᠤ ᠶᠢ ᠵᠥᠪᠰᠢᠶᠡᠷᠡᠨ᠎ᠡ ᠭᠡᠵᠦ ᠲᠣᠳᠣᠷᠬᠠᠶ ᠲᠣᠭᠲᠠᠭᠠᠵᠠᠶ᠃ ᠴᠧᠩᠳᠦ᠋ ᠶᠢᠨ ᠬᠢᠨ ᠤᠯᠤᠰ ᠤᠨ | ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠳᠠᠭᠠᠵᠤ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠤᠭᠤᠴᠠᠭ᠎ᠠ ᠲᠤᠯᠬᠤ ᠡᠳᠦᠷ ᠢ ᠤᠷᠲᠤᠳᠬᠠᠵᠤ᠂ | ᠡᠷᠡᠭᠲᠡᠶ ᠨᠢ ᠪᠦᠬᠦᠯᠢ 68 ᠨᠠᠰᠤ᠂ ᠡᠮᠡᠭᠲᠡᠶ ᠨᠢ ᠪᠦᠬᠦᠯᠢ 63 ᠨᠠᠰᠤ ᠬᠥᠷᠬᠦ ᠥᠬᠡᠶ ᠪᠣᠯᠵᠠᠶ᠂ ᠥᠭᠡᠷ᠎ᠡ ᠪᠠᠷ | ᠬᠡᠯᠡᠪᠡᠯ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠢᠯᠡᠭᠦᠦ 3 ᠵᠢᠯ ᠤᠷᠲᠤᠳᠬᠠᠭᠰᠠᠨ ᠨᠢ ᠵᠢᠭᠡᠯᠡᠯᠭᠡ ᠪᠤᠴᠠᠭᠠᠬᠤ | ᠳᠠᠷᠤᠯᠲᠠ ᠶᠢ ᠪᠠᠭᠤᠷᠠᠭᠤᠯᠬᠤ ᠳᠤ ᠠᠰᠢᠭᠲᠠᠶ ᠶᠤᠮ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠡᠨᠡ | ᠵᠢᠯ ᠠᠴᠠ ᠨᠠᠭᠠᠰᠢ᠂ ᠪᠥᠬᠦ ᠤᠯᠤᠰ ᠲᠤ ᠨᠢᠭᠡᠨᠲᠡ 20 ᠭᠠᠷᠤᠶ ᠬᠤᠲᠠ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠰᠢᠯᠢᠳᠡᠭᠵᠢᠭᠦᠯᠦᠨ ᠲᠣᠬᠢᠷᠠᠭᠤᠯᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ | ᠪᠠᠶᠢᠨ᠎ᠠ᠃ |