ᠨᠠᠰᠤ ᠶᠢ ᠨᠢ ᠠᠭᠤᠵᠢᠭᠤ ᠲᠠᠯᠪᠢᠪᠠ︕ ᠨᠡᠷ᠎ᠡ ᠮᠡᠳᠡᠭᠦᠯᠬᠦ ᠠᠵᠢᠯ ᠡᠬᠢᠯᠡᠵᠡᠢ︕
ᠨᠡᠶᠢᠲᠡᠯᠡᠭᠰᠡᠨ ᠴᠠᠭ᠄
2025/2/19
      2025 ᠣᠨ ᠤ ᠪᠥᠬᠦ ᠤᠯᠤᠰ ᠤᠨ ᠴᠡᠷᠢᠭ ᠡᠯᠰᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠣᠶᠢᠷ᠎ᠠ ᠳᠤ ᠪᠡᠭᠡᠵᠢᠩ ᠳᠤ ᠬᠤᠷᠠᠯᠳᠤᠵᠤ᠂ ᠡᠨᠡ ᠵᠢᠯ ᠤᠨ ᠬᠤᠶᠠᠷ ᠤᠳᠠᠭᠠᠨ ᠤ ᠴᠡᠷᠢᠭ ᠡᠯᠰᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠣᠶᠢᠯᠠᠭᠠᠭᠰᠠᠨ ᠢᠶᠠᠷ᠂ ᠳᠡᠭᠡᠳᠦ ᠬᠠᠭᠠᠰ ᠵᠢᠯ ᠤᠨ ᠴᠡᠷᠢᠭ ᠡᠯᠰᠡᠬᠦ ᠠᠵᠢᠯ 2 ᠰᠠᠷ᠎ᠠ ᠶᠢᠨ 15 ᠤ ᠡᠳᠦᠷ ᠠᠴᠠ ᠡᠬᠢᠯᠡᠭᠡᠳ 3 ᠰᠠᠷ᠎ᠠ ᠶᠢᠨ 31 ᠤ ᠡᠳᠦᠷ ᠳᠠᠭᠤᠰᠤᠨ᠎ᠠ᠃      ᠡᠯᠰᠡᠬᠦ ᠡᠲᠡᠭᠡᠳ ᠢ ᠤᠶᠤᠲᠠᠳ ᠢᠶᠠᠷ ᠭᠤᠤᠯᠳᠠᠯᠭ᠎ᠠ ᠪᠣᠯᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠲᠡᠭᠦᠰᠦᠭᠰᠡᠳ ᠢ ᠡᠯᠰᠡᠬᠦ ᠶᠢ ᠳᠣᠪᠤᠶᠢᠯᠭᠠᠨ᠎ᠠ᠃ ᠡᠯᠰᠡᠭᠰᠡᠨ ᠡᠮᠡᠭᠲᠡᠶ ᠵᠠᠯᠠᠭᠤᠴᠤᠳ ᠨᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠰ ᠬᠤᠭᠤᠴᠠᠭᠠᠨ ᠤ ᠲᠡᠭᠦᠰᠦᠭᠰᠡᠳ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠲᠣᠰ ᠬᠤᠭᠤᠴᠠᠭᠠᠨ ᠤ ᠲᠡᠭᠦᠰᠦᠭᠰᠡᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢᠳ ᠪᠣᠯᠤᠨ᠎ᠠ᠂ 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠲᠣᠰ ᠬᠤᠭᠤᠴᠠᠭᠠᠨ ᠤ ᠲᠡᠭᠦᠰᠦᠭᠰᠡᠳ 2025 ᠣᠨ ᠤ ᠲᠡᠭᠡᠳᠦ ᠬᠠᠭᠠᠰ ᠵᠢᠯ ᠤᠨ ᠡᠮᠡᠭᠲᠡᠶ ᠴᠡᠷᠢᠭ ᠡᠯᠰᠡᠬᠦ ᠳᠤ ᠨᠡᠷ᠎ᠡ ᠮᠡᠳᠡᠭᠦᠯᠵᠦ ᠪᠣᠯᠤᠨ᠎ᠠ᠃ ᠡᠯᠰᠡᠬᠦ ᠨᠠᠰᠤ ᠶᠢ ᠬᠡᠯᠡᠪᠡᠯ ᠡᠷᠡᠭᠲᠡᠶ ᠵᠠᠯᠠᠭᠤᠴᠤᠳ ᠨᠢ 2025 ᠣᠨ ᠳᠤ ᠪᠦᠬᠦᠯᠢ 18 ᠠᠴᠠ 22 ᠨᠠᠰᠤ ᠬᠦᠷᠦᠭᠰᠡᠨ ᠪᠠᠶᠢᠵᠤ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ᠂ ᠲᠡᠭᠦᠰᠬᠦ ᠨᠥᠬᠦᠴᠡᠯ ᠳᠤ ᠨᠡᠶᠢᠴᠡᠬᠦ ᠲᠡᠭᠦᠰᠬᠦ ᠠᠩᠭᠢ ᠶᠢᠨ ᠰᠣᠷᠣᠭᠴᠢ ᠶᠢᠨ ᠨᠠᠰᠤ ᠶᠢ ᠪᠦᠬᠦᠯᠢ 24 ᠨᠠᠰᠤ ᠬᠦᠷᠲᠡᠯ᠎ᠡ ᠠᠭᠤᠵᠢᠭᠤ ᠲᠠᠯᠪᠢᠵᠤ᠂ ᠠᠰᠫᠢᠷᠠᠨᠲ ᠪᠠ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠨᠠᠰᠤ ᠶᠢ ᠪᠦᠬᠦᠯᠢ 26 ᠨᠠᠰᠤ ᠬᠦᠷᠲᠡᠯ᠎ᠡ ᠠᠭᠤᠵᠢᠭᠤ ᠲᠠᠯᠪᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠣᠶᠣᠯ ᠤᠨ ᠬᠢᠷᠢ ᠬᠡᠮᠵᠢᠶ᠎ᠡ ᠲᠠᠢ ᠡᠷᠡᠭᠲᠡᠶ ᠵᠠᠯᠠᠭᠤᠴᠤᠳ ᠤᠨ ᠨᠠᠰᠤ ᠨᠢ ᠪᠦᠬᠦᠯᠢ 20 ᠨᠠᠰᠤ ᠠᠴᠠ ᠬᠡᠲᠦᠷᠡᠭᠦᠯᠵᠦ ᠪᠣᠯᠬᠤ ᠥᠬᠡᠶ︔ ᠡᠮᠡᠭᠲᠡᠶ ᠵᠠᠯᠠᠭᠤᠴᠤᠳ ᠨᠢ 2025 ᠣᠨ ᠳᠤ ᠪᠦᠬᠦᠯᠢ 18 ᠠᠴᠠ 22 ᠨᠠᠰᠤ ᠨᠠᠰᠤ ᠬᠦᠷᠦᠭᠰᠡᠨ ᠪᠠᠶᠢᠵᠤ᠂ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠪᠦᠬᠦᠯᠢ 26 ᠨᠠᠰᠤ ᠪᠣᠯᠲᠠᠯ᠎ᠠ ᠠᠭᠤᠵᠢᠭᠤ ᠲᠠᠯᠪᠢᠵᠤ᠂ ᠲᠡᠭᠡᠳᠦ ᠬᠠᠭᠠᠰ ᠵᠢᠯ ᠳᠤ ᠡᠯᠰᠡᠭᠰᠡᠨ 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠲᠣᠰ ᠬᠤᠭᠤᠴᠠᠭᠠᠨ ᠤ ᠲᠡᠭᠦᠰᠦᠭᠰᠡᠳ ᠢ ᠪᠦᠬᠦᠯᠢ 23 ᠨᠠᠰᠤ ᠪᠣᠯᠲᠠᠯ᠎ᠠ ᠠᠭᠤᠵᠢᠭᠤ ᠲᠠᠯᠪᠢᠨ᠎ᠠ ᠬᠡᠪᠡ᠃      ᠬᠤᠷᠠᠯ ᠠᠴᠠ᠂ ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ ᠪᠣᠯᠤᠨ ᠠᠯᠪᠠ ᠬᠠᠭᠠᠵᠤ ᠪᠠᠶᠢᠭ᠎ᠠ ᠴᠡᠷᠢᠭ ᠬᠥᠮᠦᠨ ᠤ ᠦᠷ᠎ᠡ ᠬᠡᠦᠬᠡᠳ᠂ ᠠᠶᠤᠯ ᠭᠠᠮᠰᠢᠭ ᠠᠴᠠ ᠠᠪᠤᠷᠠᠬᠤ ᠪᠠ ᠭᠠᠮᠰᠢᠭᠳᠠᠭᠰᠠᠨ ᠣᠷᠣᠨ ᠢ ᠳᠠᠬᠢᠨ ᠪᠦᠳᠦᠭᠡᠨ ᠪᠠᠶᠢᠭᠤᠯᠬᠤ ᠳᠤᠮᠳᠠ ᠲᠤᠪᠤᠶᠢᠮ᠎ᠠ ᠢᠯᠡᠷᠡᠯ ᠲᠠᠢ ᠰᠢᠯᠢᠳᠡᠭ ᠵᠠᠯᠠᠭᠤᠴᠤᠳ ᠨᠥᠬᠦᠴᠡᠯ ᠳᠤ ᠨᠡᠶᠢᠴᠡᠪᠡᠯ ᠴᠡᠷᠢᠭ ᠲᠤ ᠣᠷᠣᠬᠤ ᠶᠢ ᠤᠷᠢᠳ ᠢᠶᠠᠷ ᠵᠥᠪᠰᠢᠶᠡᠷᠡᠬᠦ ᠬᠡᠷᠡᠭᠲᠡᠢ᠃ ᠬᠤᠤᠰ ᠬᠡᠯᠡ ᠮᠡᠳᠡᠳᠡᠭ᠂ ᠰᠣᠶᠣᠯ ᠤᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠰᠠᠶᠢᠨ ᠵᠠᠯᠠᠭᠤᠴᠤᠳ ᠢ ᠢᠯᠡᠭᠦᠬᠡᠨ ᠴᠡᠷᠢᠭ ᠲᠤ ᠡᠯᠰᠡᠬᠦ ᠬᠡᠷᠡᠭᠲᠡᠢ᠃ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠬᠢᠨ ᠠᠬᠠᠮᠠᠳ ᠤᠯᠠᠭᠠᠨ ᠴᠡᠷᠢᠭ᠂ ᠠᠬᠠᠮᠠᠳ ᠴᠡᠷᠢᠭ ᠠᠴᠠ ᠬᠠᠯᠠᠭᠳᠠᠭᠰᠠᠳ ᠤᠨ ᠦᠷ᠎ᠡ ᠬᠡᠦᠬᠡᠳ ᠢ ᠢᠯᠡᠭᠦᠬᠡᠨ ᠴᠡᠷᠢᠭ ᠲᠤ ᠡᠯᠰᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号