︽ᠬᠤᠪᠢ ᠪᠠᠷᠢᠯᠳᠤᠯᠭ᠎ᠠ︾  ᠪᠠᠨ ᠡᠷᠢᠵᠤ ᠬᠤᠤᠰᠯᠠᠶ᠎ᠠ
ᠨᠡᠶᠢᠲᠡᠯᠡᠭᠰᠡᠨ ᠴᠠᠭ᠄
2025/2/19
      2 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠲᠦᠩ ᠸᠧᠶ ᠪᠣᠬᠢᠷᠲᠤᠯ ᠥᠬᠡᠶ ᠦᠨᠳᠦᠰᠦᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠠᠮᠵᠢᠯᠴᠠᠨ ᠡᠷᠭᠢᠯᠡᠭᠰᠡᠨ ︽ᠬᠤᠪᠢ ᠪᠠᠷᠢᠯᠳᠤᠯᠭ᠎ᠠ ᠪᠠᠨ ᠡᠷᠢᠵᠤ ᠬᠤᠤᠰᠯᠠᠶ᠎ᠠ  ᠬᠡᠭᠰᠡᠶᠢᠨ ᠭᠤᠤᠯ ᠰᠡᠳᠦᠪᠳᠦ ᠵᠠᠯᠠᠭᠤᠴᠤᠳ ᠤᠨ ᠴᠤᠭᠯᠠᠭᠠᠨ︾ ᠠᠮᠵᠢᠯᠲᠠ ᠲᠠᠢ ᠶᠠᠪᠤᠭᠳᠠᠪᠠ᠃ ᠪᠥᠬᠦ ᠬᠤᠰᠢᠭᠤᠨ ᠤ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠢᠷᠡᠭᠰᠡᠨ 120 ᠭᠠᠷᠤᠶ ᠰᠢᠯᠢᠳᠡᠭ ᠵᠠᠯᠠᠭᠤᠴᠤᠳ ᠬᠠᠪᠤᠷ ‍ᠤᠨ‌ᠤᠯᠠᠷᠢᠯ ᠤᠨ ᠷᠣᠮᠠᠨᠲ᠋ᠢᠭ ᠪᠣᠯᠵᠤᠭ᠎ᠠ ᠳᠤ ᠤᠷᠤᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠷᠣᠮᠠᠨᠲ᠋ᠢᠭ ᠰᠣᠷᠭᠤᠭ ᠴᠡᠴᠡᠭ᠂ ᠰᠡᠳᠬᠢᠯ ᠬᠥᠳᠡᠯᠭᠡᠮ᠎ᠡ ᠬᠥᠭᠵᠢᠮ᠂ ᠥᠩᠭᠡᠲᠦ ᠬᠡᠶᠢᠲᠦ ᠪᠥᠮᠪᠦᠭᠡ  ᠵᠡᠷᠭᠡ ᠨᠢ ᠷᠣᠮᠠᠨᠲ᠋ᠢᠭ ᠬᠠᠯᠠᠭᠤᠨ ᠲᠤᠳᠤᠨᠤ ᠨᠥᠬᠦᠷᠰᠡᠭ ᠠᠭᠤᠷ ᠠᠮᠢᠰᠬᠤᠯ ᠢ ᠪᠤᠢ ᠪᠣᠯᠭᠠᠪᠠ᠃ ᠰᠢᠪᠠᠭ᠎ᠠ ᠰᠤᠭᠤᠯᠬᠤ  ᠲᠤᠭᠯᠠᠭᠠᠮ ᠲᠤᠬᠢᠷᠠᠭᠤᠯᠵᠤ᠂  ᠵᠤᠴᠢᠨ ᠨᠢᠭᠡᠪᠦᠷᠢ ᠨᠤᠮᠧᠷ ᠠᠪᠬᠤ ᠪᠠᠷ ᠲᠠᠮᠵᠢᠭᠤᠯᠤᠨ ᠦᠪᠡᠷ ᠤᠨ ᠲᠤᠭᠯᠠᠭᠠᠮ ᠤᠨ ᠬᠠᠨᠢ ᠪᠠᠨ ᠡᠷᠢᠵᠤ᠂ ᠡᠨᠡ ᠬᠦ ᠭᠤᠭᠴᠤᠭ᠎ᠠ ᠨᠢ ᠠᠵᠢᠯᠯᠠᠭ᠎ᠠ ᠶᠢᠨ ᠰᠣᠨᠢᠷᠬᠠᠯᠲᠤ ᠴᠢᠨᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠶᠢᠰᠢᠳᠠ ᠶᠢᠨ ᠬᠠᠷᠢᠯᠴᠠᠨ ᠬᠥᠳᠡᠯᠦᠯᠴᠡᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠮᠥᠰᠥ ᠬᠠᠭᠠᠯᠬᠤ ᠲᠣᠭᠯᠠᠭᠠᠮ ᠳᠤ᠂ ᠬᠦᠨᠳᠦᠲᠦ ᠵᠣᠴᠢᠳ ︽ᠣᠪᠣᠭ ᠨᠡᠷ᠎ᠡ ᠶᠢᠨ ᠲᠣᠭᠯᠠᠭᠠᠮ︾ ᠢᠶᠠᠷ ᠳᠠᠮᠵᠢᠭᠤᠯᠤᠨ᠂ ᠲᠠᠨᠢᠯ ᠪᠤᠰᠤ ᠰᠡᠳᠬᠢᠯᠭᠡ ᠪᠠᠨ ᠦᠳᠲᠡᠷ ᠲᠦᠷᠭᠡᠨ  ᠢᠯᠠᠨ ᠲᠠᠪᠠᠵᠤ᠂ ᠣᠶᠤᠨ ᠰᠠᠨᠠᠭᠠᠨ ᠤ ᠵᠠᠶ ᠶᠢ ᠣᠶᠢᠷᠠᠲᠤᠭᠤᠯᠪᠠ᠃ ︽ᠬᠡᠨ ᠲᠣᠭᠯᠠᠬᠤ  ᠪᠤᠢ︖︾ ᠭᠤᠭᠴᠤᠭ᠎ᠠ ᠨᠢ ᠨᠡᠩ ᠴᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠡᠢ᠂ ᠬᠦᠨᠳᠦᠲᠦ ᠵᠣᠴᠢᠳ ᠥᠪᠡᠷ ᠤᠨ ︽ᠰᠢᠯᠢᠳᠡᠭ ᠲᠣᠭᠯᠠᠯᠲᠠ ᠶᠢᠨ ᠮᠡᠷᠭᠡᠵᠢᠯ︾ ᠢᠶᠠᠨ ᠳᠡᠯᠭᠡᠨ ᠦᠵᠡᠭᠦᠯᠵᠦ᠂ ᠲᠤᠬᠠᠢ ᠶᠢᠨ ᠲᠠᠯᠠᠪᠠᠢ ᠶᠢᠨ ᠠᠯᠠᠭ᠎ᠠ ᠲᠡᠰᠢᠯᠲᠡ ᠪᠠ ᠤᠷᠠᠢ ᠬᠠᠰᠬᠢᠷᠬᠤ ᠳᠠᠭᠤᠨ ᠲᠠᠰᠤᠷᠠᠯᠲᠠ ᠦᠭᠡᠢ ᠰᠣᠨᠣᠰᠳᠠᠵᠤ᠂ ᠬᠦᠷ ᠬᠥᠭᠵᠢᠶᠡᠨ ᠲᠠᠢ ᠪᠠᠶᠢᠯ᠎ᠠ᠃ ᠬᠠᠷᠢᠯᠴᠠᠨ ᠦᠢᠯᠡᠳᠦᠯᠴᠡᠬᠦ ᠲᠣᠭᠯᠠᠭᠠᠮ ︽ᠴᠢ ᠲᠦᠷᠰᠦᠯᠡᠵᠦ ᠪᠢ ᠲᠠᠭᠠᠨ᠎ᠠ︾᠂ ︽ᠨᠢᠳᠦ ᠪᠠᠨ ᠲᠠᠭᠯᠠᠵᠤ ᠯᠠᠪᠳᠠᠭᠤᠨ ᠠᠯᠬᠤᠬᠤ︾  ᠵᠡᠷᠭᠡ ᠲᠤᠭᠯᠠᠭᠠᠮ ᠨᠢ ᠣᠷᠣᠯᠴᠠᠭᠰᠠᠳ ᠢ ᠰᠣᠯᠢᠯᠴᠠᠭ᠎ᠠ ᠬᠢᠬᠦ᠂ ᠰᠡᠳᠬᠢᠯ ᠰᠠᠨᠠᠭ᠎ᠠ ᠪᠠᠨ ᠣᠯᠣᠯᠴᠠᠬᠤ ᠬᠠᠮᠵᠢᠯᠴᠠᠭ᠎ᠠ ᠶᠢᠨ ᠳᠤᠮᠳᠠ ᠤᠯᠠᠮ ᠨᠢᠭᠡ ᠠᠯᠬᠤᠮ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠷᠢᠯᠴᠠᠨ ᠣᠶᠢᠷᠠᠲᠤᠭᠤᠯᠵᠠᠶ᠃ ︽ᠡᠶᠢᠮᠦ ᠨᠢᠭᠡᠨ ᠠᠵᠢᠯᠯᠠᠭ᠎ᠠ ᠶᠢᠨ ᠲᠠᠪᠴᠠᠩ ᠳᠤ ᠮᠠᠰᠢ ᠲᠠᠯᠠᠷᠬᠠᠵᠤ ᠪᠠᠶᠢᠨ᠎ᠠ᠂ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ ᠪᠢᠳᠡᠨ ᠳᠤ ᠵᠠᠯᠠᠭᠤ ᠠᠵᠢᠯᠳᠠᠨ ᠠᠵᠢᠯᠴᠢᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠣᠶᠢᠯᠠᠭᠠᠭᠤᠯᠤᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠨᠢ᠂ ᠪᠢᠳᠡᠨ ᠤ ᠰᠡᠳᠬᠢᠯ ᠰᠠᠨᠠᠭ᠎ᠠ ᠶᠢ ᠠᠮᠠᠷᠠᠵᠢᠭᠤᠯᠤᠭᠰᠨ ᠢᠶᠠᠷ ᠪᠠᠷᠠᠬᠤ ᠦᠭᠡᠢ ᠪᠠᠰᠠ ᠮᠠᠨ ᠤ ᠪᠦᠯᠬᠦᠮ ᠤᠨ ᠬᠠᠮᠵᠢᠯᠴᠠᠬᠤ ᠴᠢᠳᠠᠪᠤᠷᠢ ᠪᠠ ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠶᠢ ᠳᠡᠭᠡᠭᠰᠢᠯᠡᠭᠦᠯᠵᠡᠢ᠂ ᠬᠤᠶᠢᠰᠢᠳᠠ ᠡᠶᠢᠮᠦ ᠰᠣᠨᠢᠷᠬᠠᠯᠲᠠᠢ ᠠᠵᠢᠯᠯᠠᠭ᠎ᠠ ᠶᠢ ᠢᠯᠡᠭᠦᠬᠡᠨ ᠡᠷᠬᠢᠯᠡᠬᠦ ᠶᠢ ᠬᠦᠰᠡᠵᠦ ᠪᠠᠶᠢᠨ᠎ᠠ︾  ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠠᠵᠢᠯᠲᠠᠨ ᠸᠠᠩ ᠶᠤᠸᠠᠢ ᠬᠡᠯᠡᠪᠡ᠃      ᠬᠦᠮᠦᠰ ᠤᠨ ᠬᠠᠮᠤᠭ ᠠᠴᠠ ᠢᠯᠡᠬᠦᠦ ᠬᠦᠰᠡᠨ ᠬᠦᠯᠢᠶᠡᠵᠦ ᠪᠠᠶᠢᠭ᠎ᠠ ᠭᠤᠭᠴᠤᠭ᠎ᠠ ᠭᠡᠪᠡᠯ ᠰᠡᠳᠬᠢᠯ ᠬᠦᠳᠡᠯᠵᠦ ᠬᠠᠷᠢᠯᠴᠠᠨ ᠰᠣᠩᠭᠤᠬᠤ  ᠶᠠᠪᠤᠳᠠᠯ ᠪᠤᠯᠤᠨ᠎ᠠ᠃ ᠣᠷᠣᠯᠴᠠᠭᠴᠢ ᠰᠠᠷᠭᠠᠢ ᠴᠡᠴᠡᠭ ᠪᠠᠷᠢᠵᠤ᠂ ᠨᠢᠳᠤᠨ ᠬᠠᠷᠠᠴᠠᠨ ᠳᠤ  ᠪᠠᠨ ᠬᠦᠰᠡᠯ ᠡᠷᠡᠮᠡᠯᠵᠡᠯ ᠪᠠ ᠰᠦᠰᠦ ᠵᠤᠷᠢᠭ ᠬᠢᠯᠠᠯᠵᠠᠭᠤᠯᠵᠤ᠂  ᠦᠪᠡᠷ ᠤᠨ ᠲᠤᠭᠤᠭᠰᠠᠨ ᠡᠳᠡᠭᠡᠳ ᠤᠨ ᠢᠶᠠᠨ  ᠵᠦᠭ ᠠᠯᠭᠤᠷᠬᠠᠨ ᠠᠯᠬᠤᠵᠤ ᠂  ᠭᠠᠷ ᠲᠠᠬᠢ ᠰᠣᠷᠭᠤᠭ ᠴᠡᠴᠡᠭ  ᠢᠶᠠᠨ  ᠬᠦᠷᠭᠡᠵᠦ᠂  ᠲᠤᠳᠤᠭᠠᠳᠤ ᠬᠠᠶᠢᠷ᠎ᠠ ᠰᠡᠳᠬᠢᠯᠭᠡ ᠪᠠᠨ ᠵᠣᠷᠢᠭᠲᠠᠢ ᠢᠯᠡᠳᠭᠡᠪᠡ᠃      ᠡᠪ ᠬᠠᠮᠲᠤ ᠵᠠᠯᠠᠭᠤᠴᠤᠳ ᠤᠨ ᠡᠪᠯᠡᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠ ᠶᠢᠨ ᠳᠡᠳ᠋ ᠱᠦᠵᠢ ᠶᠠᠩ ᠯᠦ ᠢᠯᠡᠷᠬᠡᠶᠢᠯᠡᠬᠦ ᠳᠡᠭᠡᠨ᠂ ︽ᠲᠣᠰ ᠤᠳᠠᠭᠠᠨ ᠤ ᠭᠤᠤᠯ ᠰᠡᠳᠦᠪᠲᠦ ᠵᠠᠯᠠᠭᠤᠴᠤᠳ ᠤᠨ ᠴᠤᠭᠯᠠᠭᠠᠨ ᠪᠣᠯ ᠮᠠᠨ ᠤ ᠣᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠤᠨ ᠵᠠᠯᠠᠭᠤᠴᠤᠳ ᠲᠤ  ᠦᠢᠯᠡᠴᠢᠯᠡᠬᠦ  ᠂ ᠵᠠᠯᠠᠭᠤᠴᠤᠳ ᠢ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ  ᠪᠤᠯᠤᠨ᠎ᠠ᠂ ᠪᠠᠰᠠ ᠴᠤ ᠣᠯᠠᠨ ᠢᠶᠠᠷ ᠢᠶᠠᠨ ᠲᠣᠰ ᠤᠳᠠᠭᠠᠨ ᠤ ᠠᠵᠢᠯᠯᠠᠭ᠎ᠠ ᠪᠠᠷ ᠲᠠᠪᠴᠠᠩ ᠪᠣᠯᠭᠠᠵᠤ᠂ ᠡᠯ᠎ᠡ  ᠪᠠᠶᠢᠭᠤᠯᠭ᠎ᠠ ᠨᠢᠭᠡᠴᠡ ᠶᠢᠨ ᠬᠤᠭᠤᠷᠣᠨᠳᠣᠬᠢ ᠬᠠᠷᠢᠯᠴᠠᠭ᠎ᠠ ᠶᠢ ᠴᠢᠩᠭᠠᠳᠬᠠᠨ᠂ ᠵᠠᠯᠠᠭᠤ ᠴᠢᠳᠠᠪᠤᠷᠢᠲᠠᠨ ᠤ ᠰᠣᠯᠢᠯᠴᠠᠭ᠎ᠠ ᠶᠢᠨ ᠦᠰᠦᠨ ᠪᠤᠶᠢᠵᠢᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠬᠤᠶᠢᠰᠢᠳᠠ ᠪᠢᠳᠡ ᠵᠠᠯᠠᠭᠤᠴᠤᠳ ᠤᠨ ᠬᠥᠭᠵᠢᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ ᠦᠷᠭᠦᠯᠵᠢᠯᠡᠨ ᠢᠳᠡᠪᠬᠢᠲᠡᠢ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ︾ ᠭᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号