ᠲᠠᠶᠢᠯ ᠪᠤᠭᠳᠠ ᠶᠢᠨ ᠲᠠᠬᠢᠯᠭ᠎ᠠ ᠭᠡᠳᠡᠭ ᠨᠢ ᠬᠠᠪᠤᠳᠤ ᠬᠠᠰᠠᠷ ᠤᠨ ᠤᠷᠳᠤᠨ ︵ᠦᠷᠬᠦᠭᠡ︶ ᠤ ᠲᠠᠬᠢᠯᠭ᠎ᠠ ᠶᠢ | ᠬᠡᠯᠡᠵᠦ ᠪᠠᠶᠢᠨ᠎ᠠ᠃ ᠮᠠᠨ ᠤ ᠲᠡᠭᠡᠳᠦ ᠦᠶ᠎ᠡ ᠶᠢᠨ ᠬᠦᠮᠦᠰ ᠬᠠᠪᠤᠳᠦ ᠬᠠᠰᠠᠷ ᠢ ᠪᠤᠭᠳᠠ ᠭᠡᠵᠦ ᠦᠵᠡᠳᠡᠭ ᠪᠤᠯᠬᠤᠷ | ᠬᠠᠪᠤᠳᠤ ᠬᠠᠰᠠᠷ ᠭᠡᠰᠡᠨ ᠨᠡᠷ᠎ᠡ ᠶᠢ ᠰᠢᠭᠤᠳ ᠲᠤᠷᠠᠳᠤᠳᠠᠭ ᠦᠭᠡᠢ ᠬᠠᠷᠢᠨ ᠲᠠᠶᠢᠯ ᠪᠤᠭᠳᠠ ᠭᠡᠵᠦ ᠨᠡᠷ᠎ᠡ | ᠬᠠᠯᠢᠷᠠᠭᠤᠯᠤᠨ ᠲᠠᠭᠤᠳᠠᠳᠠᠭ ᠠᠴᠠ ᠲᠠᠶᠢᠯ ᠪᠤᠭᠳᠠ ᠶᠢᠨ ᠲᠠᠬᠢᠯᠭ᠎ᠠ ᠭᠡᠳᠡᠭ ᠪᠢᠯᠡ᠃ | ᠲᠠᠶᠢᠯ ᠪᠤᠭᠳᠠ ᠶᠢᠨ ᠲᠠᠬᠢᠯᠭ᠎ᠠ ᠪᠤᠯ ᠪᠦᠬᠡ ᠮᠦᠷᠭᠦᠯ ᠤᠨ ᠰᠤᠶᠤᠯ ᠪᠤᠯᠤᠨ ᠨᠡᠭᠦᠳᠡᠯ ᠰᠤᠶᠤᠯ ᠤᠨ | ᠬᠦᠷᠦᠰᠦᠨ ᠳᠤ ᠤᠷᠭᠤᠭᠰᠠᠨ ᠮᠤᠩᠭᠤᠯᠴᠣᠳ ᠤᠨ ᠡᠪᠦᠭᠡ ᠲᠡᠭᠡᠳᠦᠰ ᠤᠨ ᠲᠠᠬᠢᠯᠭ᠎ᠠ ᠶᠢᠨ ᠨᠢᠭᠡᠨ ᠵᠦᠢᠯ ᠪᠠᠶᠢᠵᠦ᠂ | ᠦᠨᠢ ᠣᠳᠠᠭᠠᠨ ᠲᠡᠥᠬᠡ ᠪᠤᠯᠤᠨ ᠦᠨᠢᠷ ᠪᠠᠶᠠᠯᠢᠭ ᠰᠤᠶᠤᠯ ᠤᠨ ᠠᠭᠤᠯᠭ᠎ᠠ ᠪᠠᠷ ᠢᠶᠠᠨ ᠬᠦᠮᠦᠰ ᠤᠨ ᠰᠤᠨᠢᠷᠬᠠᠯ ᠢ | ᠲᠠᠳᠠᠭᠰᠠᠭᠠᠷ ᠢᠷᠡᠵᠠᠢ᠃ | ᠬᠠᠪᠤᠳᠤ ᠬᠠᠰᠠᠷ ᠪᠤᠯ ᠬᠢᠶᠡᠳ ᠶᠠᠰᠣᠳᠣ ᠶᠢᠰᠦᠳᠦᠭᠡᠷ ᠪᠠᠭᠠᠳᠤᠷ ᠪᠤᠯᠤᠨ ᠦᠭᠡᠯᠦᠨ ᠡᠬᠡ ᠶᠢᠨ ᠬᠤᠶᠠᠳᠤᠭᠠᠷ | ᠬᠦᠪᠡᠭᠦᠨ᠂ ᠨᠢᠬᠡᠨ ᠦᠶ᠎ᠡ ᠶᠢᠨ ᠲᠡᠭᠷᠯᠢᠭ ᠪᠠᠭᠠᠳᠤᠷ ᠴᠢᠩᠭᠢᠰ ᠬᠠᠭᠠᠨ ᠤ ᠲᠦᠷᠦᠭᠰᠡᠨ ᠲᠡᠭᠦᠦ ᠪᠢᠯᠡ᠃1164 | ᠤᠨ ᠳᠤ ᠮᠡᠨᠳᠡᠯᠡᠵᠦ᠂1227 ᠤᠨ ᠬᠠᠯᠢᠪᠠ᠃ ᠪᠠᠭ᠎ᠠ ᠠᠴᠠ ᠪᠠᠨ ᠬᠠᠷᠪᠤᠵᠦ ᠨᠠᠮᠨᠠᠬᠤ ᠳᠤ ᠬᠠᠪᠤᠳᠠᠢ ᠪᠤᠯᠬᠤᠷ | ᠬᠠᠪᠤᠳᠦ ᠬᠠᠰᠠᠷ ᠭᠡᠵᠦ ᠨᠡᠷᠡᠯᠡᠪᠡ᠃ ︽ᠬᠠᠰᠠᠷ︾ ᠬᠡᠭᠴᠢ ᠲᠤᠭᠰᠢᠨ ᠠᠷᠢᠶᠠᠳᠠᠨ ᠭᠡᠰᠡᠨ ᠤᠳᠬ᠎ᠠ ᠲᠠᠢ᠃ ᠲᠡᠷᠡ | ᠪᠠᠭ᠎ᠠ ᠠᠴᠠ ᠪᠠᠨ ᠠᠬ᠎ᠠ ᠲᠡᠮᠦᠵᠢᠨ ᠢ ᠲᠠᠭᠠᠵᠦ᠂ ᠮᠤᠩᠭᠤᠯ ᠦᠨᠳᠦᠰᠦᠳᠡᠨ ᠤ ᠪᠦᠷᠢᠯᠳᠦᠯ ᠪᠤᠯᠤᠨ ᠠᠽᠢᠶ᠎ᠠ | ᠡᠸᠦ᠋ᠷᠦᠫᠡ ᠶᠢᠨ ᠡᠬᠡ ᠬᠠᠭᠤᠷᠠᠢ ᠶᠢ ᠰᠤᠨᠳᠠᠯᠠᠭᠰᠠᠨ ᠮᠤᠩᠭᠤᠯ ᠤᠨ ᠡᠵᠡᠨᠳᠦ ᠤᠯᠤᠰ ᠪᠠᠶᠢᠭᠤᠯᠬᠤ ᠪᠠ ᠪᠠᠬᠢᠵᠢᠯ | ᠬᠦᠭᠵᠢᠯ ᠳᠤ ᠦᠯᠡᠮᠵᠢ ᠭᠠᠪᠢᠶ᠎ᠠ ᠪᠠᠶᠢᠭᠤᠯᠤᠨ ᠨᠢᠭᠡ ᠨᠠᠰᠤ ᠪᠠᠨ ᠵᠤᠷᠢᠭᠤᠯᠤᠭᠰᠠᠨ ᠶᠤᠮ᠃ ᠬᠠᠪᠤᠳᠦ ᠬᠠᠰᠠᠷ ᠪᠤᠯ | ᠬᠤᠷᠴᠢᠨᠴᠤᠳ ᠤᠨ ᠡᠪᠦᠭᠡ ᠲᠡᠭᠡᠳᠦᠰ ᠪᠤᠯᠤᠨ᠎ᠠ᠃ ᠮᠤᠤᠮᠢᠩᠭᠠᠨ ᠠᠶᠢᠮᠠᠭ ᠪᠤᠯ ᠲᠡᠭᠦᠨ ᠤ ᠲᠤᠳᠤᠷᠠᠬᠢ | ᠲᠤᠰᠬᠠᠶᠢᠯᠠᠨ ᠲᠠᠶᠢᠯ ᠪᠤᠭᠳᠠ ᠶᠢᠨ ᠲᠠᠬᠢᠯᠭ᠎ᠠ ᠪᠠᠨ ᠡᠷᠬᠢᠯᠡᠭᠰᠡᠭᠡᠷ ᠬᠡᠳᠦᠨ ᠵᠠᠭᠤᠨ ᠤᠨ ᠪᠤᠯᠵᠦ ᠤᠳᠤ ᠶᠢᠨ ᠲᠠᠷᠬᠠᠨ | ᠮᠤᠤᠮᠢᠩᠭᠠᠨ ᠬᠤᠰᠢᠭᠤᠨ ᠤ ᠬᠡᠪᠴᠢᠶᠡᠨ ᠳᠤ ᠪᠠᠶᠢᠬᠤ ᠬᠠᠪᠤᠳᠦ ᠬᠠᠰᠠᠷ ᠤᠨ ᠲᠠᠬᠢᠯᠭ᠎ᠠ ᠶᠢᠨ ᠤᠷᠳᠤᠨ ︵ᠲᠠᠶᠢᠯ | ᠪᠤᠭᠳᠠ ᠶᠢᠨ ᠲᠠᠬᠢᠯᠭ᠎ᠠ︶ ᠤ ᠲᠠᠬᠢᠯᠭ᠎ᠠ ᠶᠢᠨ ᠡᠵᠡᠳ ᠤᠨ ᠬᠤᠪᠢ ᠪᠠᠷ ᠲᠠᠬᠢᠯᠭ᠎ᠠ ᠪᠠᠨ ᠦᠷᠭᠦᠯᠵᠢᠯᠡᠵᠦ ᠪᠠᠶᠢᠨ᠎ᠠ᠃ | ᠲᠠᠶᠢᠯ ᠪᠤᠭᠳᠠ ᠶᠢᠨ ᠲᠠᠬᠢᠯᠭ᠎ᠠ ᠶᠢ ᠭᠦᠢᠴᠡᠳᠭᠡᠬᠦ ᠶᠢᠨ ᠤᠴᠢᠷ ᠰᠢᠯᠳᠠᠭᠠᠨ ᠨᠢ ᠭᠡᠪᠡᠯ ᠲᠠᠶᠢᠯ ᠪᠤᠭᠳᠠ ᠶᠢᠨ | ᠰᠢᠳᠦᠭᠡᠨ ᠤ ᠪᠠᠨ ᠠᠭᠤᠷ ᠬᠢᠯᠢᠩ ᠢ ᠲᠠᠶᠢᠳᠬᠤᠷᠠᠭᠤᠯᠵᠦ᠂ ᠰᠠᠨᠠᠭ᠎ᠠ ᠰᠡᠳᠬᠢᠯ ᠢ ᠨᠢ ᠪᠠᠶᠠᠰᠬᠠᠨ᠂ ᠦᠪᠡᠷ ᠤᠨ | ᠰᠠᠶᠢᠨ ᠰᠠᠶᠢᠬᠠᠨ ᠢᠶᠠᠨ ᠬᠦᠰᠡᠨ ᠲᠠᠭᠠᠳᠬᠠᠵᠦ᠂ ᠪᠤᠭᠳᠠ ᠠᠴᠠ ᠠᠪᠤᠷᠠᠯ ᠦᠷᠦᠰᠢᠶᠡᠯ ᠭᠤᠶᠤᠨ᠂ ᠪᠤᠳᠠᠳᠦ | ᠠᠮᠢᠳᠤᠷᠠᠯ ᠠᠬᠤᠢ ᠳᠠᠭᠠᠨ ᠤᠶᠤᠨ ᠰᠠᠨᠠᠭᠠᠨ ᠤ ᠦᠮᠦᠭ ᠲᠦᠰᠢᠭ ᠤᠯᠵᠦ᠂ ᠪᠤᠳᠠᠳᠠᠢ ᠦᠷ᠎ᠡ ᠠᠰᠢᠭ ᠬᠦᠷᠳᠡᠬᠦ | ᠭᠡᠰᠡᠨ ᠶᠠᠪᠤᠳᠠᠯ ᠪᠤᠯᠤᠨ᠎ᠠ᠃ ᠣᠳᠣ ᠶᠢᠨ ᠡᠨᠡ ᠴᠠᠭ ᠲᠤ ᠪᠠᠰᠠ ᠦᠨᠳᠦᠰᠦᠳᠡᠨ ᠤ ᠰᠤᠶᠤᠯ ᠢ ᠦᠪᠯᠡᠨ | ᠵᠠᠯᠭᠠᠮᠵᠢᠯᠠᠨ᠂ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠬᠦᠭᠵᠢᠯᠳᠡ ᠶᠢ ᠠᠬᠢᠭᠤᠯᠵᠦ᠂ ᠤᠷᠤᠨ | ᠨᠤᠳᠤᠭ ᠤᠨ ᠵᠤᠭᠠᠴᠠᠯ ᠤᠨ ᠦᠢᠯᠡᠰ ᠢ ᠠᠬᠢᠭᠤᠯᠬᠤ ᠳᠤ ᠠᠰᠢᠭᠳᠠᠢ ᠶᠤᠮ᠃ |