ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠣᠯᠠᠨ ᠲᠦᠮᠡᠨ ᠤ ᠬᠦᠷᠭᠡᠭᠰᠡᠨ ︽ᠠᠶᠤᠯ ᠲᠦᠭᠰᠢᠭᠦᠷᠢᠲᠡᠶ ᠴᠠᠭ ᠮᠥᠴᠡ ᠳᠤ ᠭᠠᠷ ᠢᠶᠠᠨ ᠰᠤᠩᠭᠠᠨ | ᠲᠤᠰᠠᠯᠠᠵᠤ᠂ ᠠᠷᠠᠳ ᠲᠦᠮᠡᠨ ᠤ ᠲᠥᠯᠥᠭᠡ ᠴᠢᠩ ᠦᠨᠡᠨ ᠰᠡᠳᠬᠢᠯ ᠢᠶᠠᠷ ᠵᠢᠳᠬᠦᠳᠡᠭ ᠪᠠᠭᠠᠲᠤᠷᠴᠤᠳ︾ ᠭᠡᠬᠦ | ᠬᠡᠮᠡᠷᠯᠢᠭ ᠲᠤᠭ ᠢ ᠣᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠶᠢᠨ ᠠᠷᠠᠴᠢᠯᠠᠨ ᠬᠠᠮᠠᠭᠠᠯᠠᠬᠤ ᠠᠵᠢᠯᠲᠠᠨ ᠤ ᠴᠠᠰᠤᠨ ᠳᠤ ᠬᠠᠰᠢᠭᠳᠠᠭᠰᠠᠨ ᠲᠡᠷᠭᠡ ᠬᠥᠰᠬᠡ ᠵᠢᠴᠢ | ᠬᠥᠮᠦᠰ ᠢ ᠬᠠᠪᠰᠤᠷᠤᠨ ᠲᠤᠰᠠᠯᠠᠭᠰᠠᠨ ᠬᠠᠯᠠᠭᠤᠨ ᠰᠡᠳᠭᠢᠯ ᠳᠤ ᠭᠦᠨ ᠲᠠᠯᠠᠷᠬᠠᠵᠤ ᠪᠠᠶᠢᠬᠤ ᠪᠠᠨ ᠢᠯᠡᠳᠬᠡᠪᠡ᠃ | ᠣᠶᠢᠷ᠎ᠠ ᠶᠢᠨ ᠬᠤᠭᠤᠴᠠᠭᠠᠨ ᠳᠤ ᠶᠡᠭᠡ ᠬᠡᠪᠴᠢᠶ᠎ᠡ ᠪᠠᠷ ᠴᠠᠰᠤ ᠣᠷᠣᠵᠤ᠂ ᠬᠡᠰᠡᠭ ᠬᠠᠮᠢᠶᠠᠷᠤᠨ ᠠᠷᠠᠴᠢᠯᠠᠬᠤ | ᠵᠠᠮ ᠨᠢ ︽ ᠰᠠᠯᠬᠢ ᠰᠠᠯᠬᠢᠯᠠᠵᠤ ᠴᠠᠰᠤ ᠰᠢᠭᠤᠷᠠᠭᠰᠠᠨ︾ ᠴᠠᠭ ᠠᠭᠤᠷ ᠤᠨ ᠨᠥᠯᠥᠭᠡᠯᠡᠯ ᠠᠴᠠ ᠪᠣᠯᠵᠣ᠂ ᠴᠠᠰᠤ | ᠰᠢᠭᠤᠷᠭ᠎ᠠ ᠬᠡᠶᠢᠰᠴᠤ᠂ ᠲᠡᠷᠭᠡ ᠬᠥᠰᠬᠡ ᠶᠢᠨ ᠬᠡᠪ ᠤᠨ ᠶᠣᠰᠣᠭᠠᠷ ᠨᠡᠪᠲᠡᠷᠡᠬᠦ ᠶᠢ ᠨᠥᠯᠥᠭᠡᠯᠡᠪᠡ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠴᠢᠮ ᠪᠠᠶᠢᠳᠠᠯ ᠢ | ᠠᠷᠭᠠᠴᠠᠭᠠᠵᠤ ᠠᠶᠤᠯ ᠠᠴᠠ ᠠᠪᠤᠷᠠᠬᠤ ᠬᠥᠮᠦᠰ ᠮᠠᠰᠢᠨ ᠮᠧᠬᠠᠨᠢᠭ ᠢᠶᠠᠨ ᠦᠳᠲᠡᠷ ᠲᠦᠷᠭᠡᠨ ᠬᠥᠳᠡᠯᠭᠡᠨ ᠴᠠᠰᠤ | ᠠᠷᠢᠯᠭᠠᠵᠤ ᠵᠠᠮ ᠨᠡᠪᠲᠡᠷᠡᠯᠭᠡ ᠶᠢ ᠪᠠᠲᠤᠯᠠᠬᠤ ᠠᠵᠢᠯ ᠢ ᠥᠷᠨᠢᠭᠦᠯᠵᠦ᠂ ᠰᠠᠯᠬᠢ ᠰᠢᠭᠤᠷᠭ᠎ᠠ ᠲᠠᠢ ᠴᠠᠭ ᠠᠭᠤᠷ ᠤᠨ | ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠣᠯᠠᠨ ᠲᠦᠮᠡᠨ ᠤ ᠶᠠᠪᠤᠵᠤ ᠰᠠᠭᠤᠬᠤ ᠳᠤ ᠠᠰᠢᠭ ᠥᠬᠡᠶ | ᠨᠥᠯᠥᠭᠡ ᠶᠢ ᠪᠦᠲᠦᠮᠵᠢᠲᠡᠶ ᠠᠷᠭᠠᠴᠠᠭᠠᠵᠤ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ ᠬᠡᠷ ᠲᠡᠭᠡᠨ ᠪᠤᠴᠠᠬᠤ ᠵᠠᠮ ᠢ ᠨᠡᠪᠳᠡᠷᠡᠬᠦᠯᠦᠨ ᠬᠠᠮᠠᠭᠠᠯᠠᠪᠠ᠃ | ᠠᠷᠠᠴᠢᠯᠠᠨ ᠬᠠᠮᠠᠭᠠᠯᠠᠬᠤ ᠠᠵᠢᠯᠲᠠᠳ ᠴᠠᠰᠤ ᠠᠷᠢᠯᠭᠠᠬᠤ ᠶᠠᠪᠤᠴᠠ ᠳᠤ᠂ ᠬᠠᠬᠢᠷ ᠬᠦᠢᠲᠡᠨ ᠰᠠᠯᠬᠢ ᠪᠣᠯᠤᠨ | ᠶᠡᠭᠡ ᠴᠠᠰᠤ ᠲᠠᠢ ᠲᠡᠮᠡᠴᠡᠵᠦ᠂ 40 ᠭᠠᠷᠤᠢ ᠮᠠᠰᠢᠨ ᠲᠡᠷᠭᠡ᠂ 100 ᠭᠠᠷᠤᠢ ᠬᠠᠰᠢᠭᠳᠠᠭᠰᠠᠨ ᠤᠯᠠᠨ ᠲᠦᠮᠡᠨ ᠢ | ᠠᠪᠤᠷᠠᠨ ᠲᠤᠰᠠᠯᠠᠪᠠ᠃ ᠠᠷᠠᠴᠢᠯᠠᠨ ᠬᠠᠮᠠᠭᠠᠯᠠᠬᠤ ᠠᠵᠢᠯᠲᠠᠨ ᠤ ᠬᠠᠯᠠᠭᠤᠨ ᠲᠤᠯᠠᠭᠠᠨ ᠦᠢᠯᠡ ᠠᠵᠢᠯᠯᠠᠭ᠎ᠠ ᠨᠢ | ᠬᠠᠰᠢᠭᠳᠠᠭᠰᠠᠨ ᠣᠯᠠᠨ ᠲᠦᠮᠡᠨ ᠨᠢᠭᠡᠪᠦᠷᠢ ᠶᠢᠨ ᠰᠡᠳᠬᠢᠯ ᠢ ᠲᠤᠭᠳᠤᠯᠤᠭᠤᠯᠵᠤ᠂ ᠲᠡᠳᠡᠨ ᠤ ᠮᠠᠭᠲᠠᠭᠠᠯ | ᠰᠠᠶᠢᠰᠢᠶᠠᠯ ᠢ ᠣᠯᠵᠤ᠂ ᠬᠠᠰᠢᠭᠳᠠᠭᠰᠠᠨ ᠣᠯᠠᠨ ᠲᠦᠮᠡᠨ᠄ ︽ᠲᠤᠬᠠᠶ ᠶᠢᠨ ᠦᠶ᠎ᠡ ᠶᠢᠨ ᠴᠠᠰᠤ ᠰᠢᠭᠤᠷᠭᠠᠨ ᠳᠤ | ᠬᠠᠰᠢᠭᠳᠠᠬᠤ ᠳᠤ᠂ ᠪᠢᠳᠠ ᠠᠶᠤᠵᠤ ᠰᠦᠷᠳᠡᠨ ᠭᠤᠷᠢ ᠲᠠᠰᠤᠷᠠᠭᠰᠠᠨ ᠪᠠᠶᠢᠳᠠᠯ ᠳᠤ ᠤᠷᠤᠭᠰᠠᠨ ᠶᠤᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠵᠢᠯᠲᠠᠨ ᠴᠠᠰᠤ ᠰᠢᠭᠤᠷᠭᠠᠨ ᠲᠠᠢ ᠴᠠᠭ ᠠᠭᠤᠷ ᠢ ᠬᠠᠶᠢᠬᠤᠷᠤᠯ | ᠦᠭᠡᠢ ᠪᠠᠷ ᠴᠠᠭ ᠲᠤᠬᠠᠶ ᠳᠤᠨᠢ ᠢᠷᠡᠵᠦ ᠪᠢᠳᠡᠨ ᠢ ᠬᠠᠪᠰᠤᠷᠴᠤ᠂ ᠪᠢᠳᠡᠨ ᠳᠤ ᠬᠠᠯᠠᠭᠤᠨ ᠳᠤᠯᠠᠭᠠᠨ ᠪᠠ ᠠᠮᠤᠷ | ᠲᠦᠪᠰᠢᠨ ᠢ ᠮᠡᠳᠡᠷᠡᠭᠦᠯᠪᠡ᠃ ᠡᠨᠡ ᠠᠴᠢ ᠲᠤᠰᠠ ᠶᠢ ᠪᠢᠳᠡ ᠡᠭᠦᠷᠢᠳᠡ ᠮᠠᠷᠲᠠᠬᠤ ᠦᠭᠡᠢ᠂ ᠦᠨᠡᠬᠡᠷ ᠲᠠ ᠨᠠᠷ ᠲᠤ | ᠲᠠᠯᠠᠷᠬᠠᠵᠤ ᠪᠠᠶᠢᠨ᠎ᠠ︾ ᠭᠡᠵᠦ ᠶᠠᠷᠢᠪᠠ᠃ | ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠡᠪᠦᠯ ᠤᠨ ᠤᠯᠠᠷᠢᠯ ᠤᠨ ᠴᠠᠰᠤ ᠶᠢ ᠠᠷᠢᠯᠭᠠᠵᠤ ᠰᠠᠭᠠᠳ ᠥᠬᠡᠶ ᠨᠡᠪᠲᠡᠷᠡᠬᠦ ᠶᠢ | ᠪᠠᠲᠤᠯᠠᠬᠤ ᠠᠵᠢᠯ ᠤᠨ ᠪᠡᠯᠡᠳᠬᠡᠯ ᠲᠥᠰᠦᠯ ᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠬᠦ︾ | ᠣᠶᠢᠯᠠᠭᠠᠭᠳᠠᠬᠤᠨ ᠢ ᠡᠳᠦᠷ ᠲᠤᠲᠤᠮ ᠤᠨ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ | ᠠᠵᠢᠯ ᠲᠠᠢ ᠠᠭᠤᠰᠤᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠵᠠᠰᠠᠮᠠᠯ | ᠵᠠᠮ ᠤᠨ ᠬᠦᠮᠦᠰ ᠤᠨ ᠡᠭᠦᠷᠭᠡᠯᠡᠯ ᠢ ᠦᠢᠯᠡᠳᠦᠯᠭᠡᠵᠢᠬᠦᠯᠦᠨ᠎ᠡ᠃ |