2 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠰᠦᠯᠵᠢᠶ᠎ᠡ ︽ᠥᠪᠥᠷ ᠮᠣᠩᠭᠤᠯ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠭᠠᠷᠭᠠᠵᠠᠢ ᠭᠡᠵᠦ ᠨᠡᠶᠢᠲᠡᠯᠡᠪᠡ᠃ ᠲᠣᠰ ᠲᠥᠰᠦᠯ ᠤᠨ ᠬᠢᠯᠠᠰ ᠴᠡᠭ | ᠣᠯᠠᠨ ᠪᠠᠶᠢᠵᠤ᠂ 19 ᠵᠤᠶᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠠᠵᠤ ᠤᠶᠢᠯᠡᠰ ᠤᠨ | ᠬᠥᠭᠵᠢᠯᠲᠡ ᠶᠢᠨ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ᠂ ᠠᠳᠠᠯ ᠤᠶᠢᠯᠡᠰ ᠪᠤᠰᠬᠠᠬᠤ | ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠬᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ | ᠵᠥᠷᠢᠴᠡᠯ ᠢ ᠰᠢᠶᠳᠪᠦᠷᠢᠯᠡᠬᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ | ᠠᠵᠢᠯ ᠣᠯᠭᠤᠯᠲᠠ ᠶᠢ ᠠᠬᠢᠭᠤᠯᠬᠤ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠤᠶᠢᠯᠡᠴᠢᠯᠡᠭᠡᠨ ᠤ ᠰᠢᠰᠲ᠋ᠧᠮ ᠢ | ᠪᠦᠷᠢᠨᠰᠢᠭᠦᠯᠬᠦ ᠵᠡᠷᠭᠡ 5 ᠲᠠᠯ᠎ᠠ ᠪᠠᠷ ᠴᠢᠨᠠᠷ ᠰᠠᠶᠢᠲᠠᠶ ᠭᠦᠶᠴᠡᠳ ᠠᠵᠢᠯ ᠣᠯᠭᠤᠯᠲᠠ ᠶᠢ ᠠᠬᠢᠭᠤᠯᠤᠨ᠎ᠠ ᠬᠡᠪᠡ᠃ | ᠡᠭᠦᠨ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ | ᠲᠥᠯᠥᠪᠯᠡᠭᠡ ᠶᠢᠨ ᠡᠯᠰᠡᠬᠦ ᠬᠡᠪᠴᠢᠶ᠎ᠡ ᠶᠢ ᠥᠷᠭᠡᠳᠬᠡᠵᠦ᠂ ᠡᠨᠡ ᠵᠢᠯ 3000 ᠬᠥᠮᠦᠨ ᠡᠯᠰᠡᠬᠦ ᠪᠠᠷ ᠪᠠᠶᠢᠨ᠎ᠠ᠃ | ︽ᠲᠥᠰᠦᠯ︾ ᠳᠤ᠂ ᠬᠤᠶᠠᠳᠤᠭᠠᠷ ᠠᠵᠤ ᠤᠶᠢᠯᠡᠰ ᠤᠨ ᠰᠢᠨ᠎ᠡ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ 15 ᠲᠦᠮᠡ ᠠᠴᠠ ᠳᠡᠭᠡᠭᠰᠢ ᠭᠠᠷᠭᠠᠵᠤ᠂ ᠭᠤᠷᠪᠠᠳᠤᠭᠠᠷ ᠠᠵᠤ ᠤᠶᠢᠯᠡᠰ ᠤᠨ ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ 35 ᠲᠦᠮᠡ ᠠᠴᠠ ᠳᠡᠭᠡᠭᠰᠢ ᠰᠢᠨ᠎ᠡ ᠪᠠᠷ ᠨᠡᠭᠡᠭᠡᠵᠦ᠂ 600 ᠳᠤᠮᠳᠠ ᠪᠠᠭ᠎ᠠ ᠬᠡᠯᠪᠡᠷᠢ ᠶᠢᠨ | ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ 200 ᠳᠤᠮᠳᠠ ᠪᠠᠭ᠎ᠠ ᠬᠡᠯᠪᠡᠷᠢ ᠶᠢᠨ ᠬᠤᠷᠰᠢᠶᠠᠵᠢᠯ ᠢ | ᠭᠤᠤᠯᠳᠠᠯᠭ᠎ᠠ ᠲᠠᠢ ᠲᠡᠳᠬᠦᠵᠦ᠂ 2025 ᠣᠨ ᠤ ᠡᠴᠦᠰ ᠪᠣᠯᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠤᠨ | ᠤᠶᠢᠯᠡᠴᠢᠯᠡᠭᠡᠨ ᠤ ᠤᠶᠢᠯᠡᠰ ᠤᠨ ᠠᠵᠤ ᠤᠶᠢᠯᠡᠰ ᠤᠨ ᠬᠡᠪᠴᠢᠶ᠎ᠡ ᠶᠢ 200 ᠳ᠋ᠦᠩᠰᠢᠭᠤᠷ ᠲᠥᠭᠦᠷᠢᠭ ᠠᠴᠠ | ᠳᠠᠪᠠᠭᠤᠯᠤᠨ᠎ᠠ᠃ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠤᠶᠤ ᠬᠤᠪᠢ ᠶᠢᠨ ᠤᠶᠢᠯᠡᠳᠪᠦᠷᠢ ᠬᠤᠳᠠᠯᠳᠤᠭᠠᠨ ᠤ ᠡᠷᠦᠬᠡ ᠳᠤ | 2 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠳᠠᠯ ᠤᠶᠢᠯᠡᠰ ᠪᠤᠰᠬᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠨᠥᠬᠦᠪᠥᠷᠢ ᠪᠠ 2 ᠲᠦᠮᠡᠨ ᠲᠥᠭᠦᠷᠢᠭ ᠤᠨ ᠠᠳᠠᠯ ᠤᠶᠢᠯᠡᠰ ᠪᠤᠰᠬᠠᠬᠤ ᠨᠥᠬᠦᠪᠥᠷᠢ ᠦᠭᠴᠦ᠂ ᠪᠥᠬᠦ | ᠣᠷᠣᠨ ᠤ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠠᠵᠢᠯᠯᠠᠵᠤ ᠰᠤᠷᠤᠯᠴᠠᠬᠤ ᠶᠢ ᠨᠢᠭᠡ | ᠴᠣᠭᠴᠠᠵᠢᠭᠤᠯᠤᠭᠰᠠᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ ᠢ 50 % ᠠᠴᠠ ᠳᠡᠭᠡᠭᠰᠢ ᠪᠣᠯᠲᠠᠯ᠎ᠠ | ᠳᠡᠭᠡᠭᠰᠢᠯᠡᠭᠦᠯᠵᠤ᠂ ᠡᠯ᠎ᠡ ᠠᠵᠢᠯ ᠲᠥᠷᠥᠯ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ | ᠬᠡᠪᠴᠢᠶ᠎ᠡ ᠶᠢ 35 ᠲᠦᠮᠡᠨ ᠬᠥᠮᠦᠨ ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠡᠯᠰᠡᠬᠦ ᠬᠡᠪᠴᠢᠶ᠎ᠡ ᠶᠢ 3000 ᠬᠥᠮᠦᠨ ᠳᠤ | ᠬᠦᠷᠲᠡᠯ᠎ᠡ ᠥᠷᠭᠡᠳᠬᠡᠨ᠎ᠡ᠃ | ᠨᠠᠮ ᠤᠨ ᠭᠡᠰᠢᠬᠦᠨ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ᠂ ᠶᠡᠭᠡ ᠳᠡᠭᠡᠳᠦ ᠰᠤᠷᠭᠠᠭᠤᠯᠢ᠂ | ᠠᠷᠰᠠᠷ ᠠᠵᠢᠯ ᠤᠨ ᠵᠠᠬ᠎ᠠ ᠳᠡᠯᠭᠡᠭᠦᠷ ᠵᠡᠷᠭᠡ ᠳᠤ ᠲᠦᠰᠢᠭᠯᠡᠨ ︽ᠬᠡᠷ ᠤᠨ ᠡᠭᠦᠳᠡᠨ︾ ᠳᠤᠨᠢ ᠠᠵᠢᠯ ᠣᠯᠭᠤᠬᠤ | 300 ᠤᠶᠢᠯᠡᠴᠢᠯᠡᠭᠡᠨ ᠤ ᠥᠷᠲᠡᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠠᠵᠢᠯ ᠣᠯᠭᠤᠬᠤ ᠥᠪᠥᠷ | ᠮᠣᠩᠭᠤᠯ︾ ᠠᠵᠢᠯ ᠡᠷᠢᠬᠦ ᠠᠵᠢᠯᠲᠠᠨ ᠡᠯᠰᠡᠬᠦ ᠲᠠᠪᠴᠠᠩ ᠪᠠ ︽ᠲᠦᠷᠭᠡᠨ ᠤᠷᠢᠬᠤ ᠥᠪᠥᠷ ᠮᠣᠩᠭᠤᠯ︾ ᠰᠢᠯᠵᠢᠮᠡᠯ | ᠬᠡᠷᠡᠭᠯᠡᠭᠴᠢ ᠶᠢᠨ ᠦᠵᠦᠭᠦᠷ ᠢ ᠡᠭᠦᠳᠴᠦ᠂ ᠠᠵᠢᠯ ᠣᠯᠭᠤᠯᠲᠠ ᠶᠢᠨ ᠮᠡᠳᠡᠭᠡ ᠵᠠᠩᠭᠢᠵᠢᠯᠲᠠ ᠶᠢᠨ ᠳᠥᠭᠦᠮ ᠳᠥᠲᠡ | ᠪᠥᠭᠡᠳ ᠥᠨᠳᠥᠷ ᠪᠦᠲᠦᠮᠵᠢᠲᠡᠶ ᠤᠶᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ ᠭᠡᠵᠦ ᠲᠤᠷᠠᠳᠴᠠᠢ᠃ |