ᠮᠠᠷᠭᠠᠰᠢ ᠠᠴᠠ ᠡᠬᠢᠯᠡᠨ᠎ᠡ︕ ᠡᠨᠡ ᠵᠣᠭᠤᠰ ᠢ ᠠᠪᠬᠤ ᠪᠠᠨ ᠪᠢᠲᠡᠭᠡᠢ ᠮᠠᠷᠲᠠᠭᠠᠷᠠᠢ
ᠨᠡᠶᠢᠲᠡᠯᠡᠭᠰᠡᠨ ᠴᠠᠭ᠄
2025/2/21
      2025 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ᠂ 2024 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶᠢᠯᠡᠨ ᠪᠣᠳᠣᠬᠤ ᠠᠵᠢᠯ ᠵᠢᠩᠬᠢᠨᠢ ᠪᠠᠷ ᠡᠬᠢᠯᠡᠨ᠎ᠡ᠂ ᠭᠠᠶᠢᠯᠢ ᠶᠢᠨ ᠪᠤᠴᠠᠭᠠᠯᠲᠠ ᠶᠢᠨ ︽ᠤᠯᠠᠭᠠᠨ ᠪᠠᠭᠯᠠᠭ᠎ᠠ︾ ᠪᠠᠨ ᠠᠪᠬᠤ ᠪᠠᠨ ᠪᠢᠲᠡᠭᠡᠢ ᠮᠠᠷᠲᠠᠭᠠᠷᠠᠢ︕ 2 ᠰᠠᠷ᠎ᠠ ᠶᠢᠨ 21 ᠤ ᠡᠳᠦᠷ ᠠᠴᠠ ᠡᠬᠢᠯᠡᠨ᠂ ᠣᠨ ᠤ ᠶᠡᠷᠦᠩᠬᠡᠶᠢᠯᠡᠨ ᠪᠤᠳᠤᠬᠤ ᠭᠠᠷ ᠭᠦᠢᠴᠡᠳᠬᠡᠯ ᠢ ᠤᠷᠢᠳᠴᠢᠯᠠᠨ ᠪᠣᠯᠵᠣᠵᠤ ᠪᠣᠯᠣᠨ᠎ᠠ᠃ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠶᠡᠷᠦᠩᠬᠡᠶᠢᠯᠡᠨ ᠪᠣᠳᠣᠯᠲᠠ ᠭᠡᠵᠦ ᠶᠠᠭᠤ ᠪᠣᠶ︖ᠣᠨ ᠤ ᠶᠡᠷᠦᠩᠬᠡᠶᠢᠯᠡᠨ ᠪᠣᠳᠣᠯᠲᠠ ᠭᠡᠳᠡᠭ ᠨᠢ ᠨᠢᠭᠡ ᠵᠢᠯ ᠳᠠᠭᠤᠰᠤᠭᠰᠠᠨ ᠤ ᠳᠠᠷᠠᠭ᠎ᠠ᠂ ᠭᠠᠶᠢᠯᠢ ᠲᠤᠰᠢᠶᠠᠭᠴᠢ ᠪᠥᠬᠦ ᠵᠢᠯ ᠤᠨ ᠣᠯᠣᠭᠰᠠᠨ ᠴᠠᠯᠢᠩ ᠮᠥᠩᠭᠦ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ᠂ ᠡᠬᠡ ᠪᠢᠴᠢᠭ ᠤᠨ ᠬᠠᠷᠠᠮᠵᠢ᠂ ᠣᠨᠴᠠ ᠵᠥᠪᠰᠢᠶᠡᠷᠡᠯ ᠤᠨ ᠡᠷᠬᠡ ᠶᠢ ᠬᠡᠷᠡᠭᠯᠡᠬᠦ ᠰᠦᠢᠳᠬᠡᠯ ᠵᠡᠷᠭᠡ ᠳᠥᠷᠪᠡᠨ ᠵᠦᠢᠯ ᠤᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠨᠡᠶᠢᠯᠡᠭᠦᠯᠦᠨ ᠪᠤᠳᠤᠵᠤ᠂ ᠲᠤᠰᠢᠶᠠᠬᠤ ᠶᠣᠰᠣᠲᠠᠢ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠬᠦ ᠶᠢᠨ ᠬᠠᠮᠲᠤ ᠭᠠᠶᠢᠯᠢ ᠶᠢ ᠪᠤᠴᠠᠭᠠᠬᠤ ᠪᠤᠶᠤ ᠭᠠᠶᠢᠯᠢ ᠶᠢ ᠨᠥᠬᠦᠪᠦᠷᠢᠯᠡᠬᠦ ᠶᠠᠪᠤᠴᠠ ᠶᠢ ᠵᠢᠭᠠᠵᠤ ᠪᠣᠶ᠃      ᠶᠡᠷᠦᠩᠬᠡᠶᠢᠯᠡᠭᠰᠡᠨ ᠠᠰᠢᠭ ᠣᠷᠣᠯᠭ᠎ᠠ ᠳᠤ 3% ᠠᠴᠠ 45% ᠶᠢᠨ ᠨᠤᠷᠮ᠎ᠠ ᠠᠴᠠ ᠳᠠᠪᠠᠭᠰᠠᠨ ᠠᠬᠢᠭᠤᠯᠤᠨ ᠪᠤᠳᠤᠬᠤ ᠭᠠᠶᠢᠯᠢ ᠶᠢᠨ ᠨᠤᠷᠮ᠎ᠠ ᠶᠢ ᠬᠡᠷᠡᠭᠯᠡᠨ᠎ᠡ᠃      ᠬᠡᠵᠢᠶ᠎ᠡ ᠭᠦᠢᠴᠡᠳᠬᠡᠵᠦ ᠪᠣᠯᠬᠤ ᠪᠤᠢ︖2024 ᠣᠨ ᠤ ᠶᠡᠷᠦᠩᠬᠡᠶᠢᠯᠡᠨ ᠪᠤᠳᠤᠬᠤ ᠴᠠᠭ ᠨᠢ 2025 ᠣᠨ ᠤ 3 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠪᠦᠬᠦᠯᠢ ᠡᠳᠦᠷ ᠤᠨ ᠳᠤᠷ᠎ᠠ ᠶᠢᠨ ᠴᠠᠭ ᠲᠤ ᠬᠡᠵᠢᠶ᠎ᠡ ᠴᠦ ᠰᠢᠢᠳᠪᠦᠷᠢᠯᠡᠵᠦ ᠪᠣᠯᠣᠨ᠎ᠠ᠂ ᠡᠮᠦᠨ᠎ᠡ ᠬᠡᠳᠦᠨ ᠡᠳᠦᠷ ᠲᠤ ᠰᠢᠬᠠᠯᠳᠤᠨ ᠭᠦᠢᠴᠡᠳᠬᠡᠬᠦ ᠴᠢᠬᠤᠯᠠ ᠦᠭᠡᠢ᠃ᠬᠡᠷᠪᠡ 3 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 20 ᠤ ᠡᠳᠦᠷ ᠤᠨ ᠬᠤᠭᠤᠷᠣᠨᠳᠤ ᠣᠨ ᠤ ᠶᠡᠷᠦᠩᠬᠡᠶᠢᠯᠡᠨ ᠪᠣᠳᠣᠯᠲᠠ ᠬᠢᠬᠦ ᠴᠢᠬᠤᠯᠠᠲᠠᠢ ᠪᠣᠯ᠂ 2 ᠰᠠᠷ᠎ᠠ ᠶᠢᠨ 21 ᠤ ᠡᠳᠦᠷ ᠠᠴᠠ 3 ᠰᠠᠷ᠎ᠠ ᠶᠢᠨ 20 ᠤ ᠡᠳᠦᠷ ᠤᠨ ᠡᠳᠦᠷ ᠪᠦᠷᠢ ᠶᠢᠨ 6 ᠴᠠᠭ ᠠᠴᠠ 22 ᠴᠠᠭ ᠪᠣᠯᠲᠠᠯ᠎ᠠ ᠭᠠᠷ ᠤᠲᠠᠰᠤᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ App ᠳᠤ ᠣᠷᠣᠵᠤ ᠤᠷᠢᠳᠴᠢᠯᠠᠨ ᠪᠣᠯᠵᠣᠵᠤ ᠪᠣᠯᠣᠨ᠎ᠠ᠃3 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭᠠᠨ ᠳᠤ᠂ ᠤᠷᠢᠳᠴᠢᠯᠠᠨ ᠪᠣᠯᠵᠣᠬᠤ ᠴᠢᠬᠤᠯᠠ ᠦᠭᠡᠢ᠂ ᠠᠵᠢᠯᠯᠠᠵᠤ ᠪᠠᠶᠢᠭ᠎ᠠ ᠨᠢᠭᠡᠴᠢ ᠶᠢᠨ ᠮᠡᠳᠡᠭᠳᠡᠭᠰᠡᠨ ᠴᠠᠭ ᠢᠶᠠᠷ ᠰᠢᠢᠳᠪᠦᠷᠢᠯᠡᠬᠦ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号