2 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠠᠷᠠᠳ ᠢᠷᠭᠡᠳ ᠤᠨ | ᠡᠮᠴᠢᠯᠡᠭᠡᠨ ᠳᠤ ᠬᠡᠷᠡᠭᠯᠡᠬᠦ ᠴᠢᠰᠤᠨ ᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠡᠮᠴᠢᠯᠡᠭᠡᠨ ᠳᠤ ᠬᠡᠷᠡᠭᠯᠡᠬᠦ | ᠴᠢᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠥᠷ ᠮᠣᠩᠭᠤᠯ ᠡᠮᠴᠢᠯᠡᠭᠡᠨ ᠳᠤ ᠬᠡᠷᠡᠭᠯᠡᠬᠦ ᠴᠢᠰᠤᠨ ᠤ | ᠲᠥᠷᠥᠯ ᠵᠤᠶᠢᠯ ᠤᠨ ᠨᠡᠷᠡᠶᠢᠳᠦᠯ ᠵᠢᠴᠢ ᠰᠦᠶᠳᠬᠡᠯ ᠬᠤᠷᠢᠶᠠᠬᠤ ᠪᠠᠷᠢᠮᠵᠢᠶ᠎ᠠ ᠶᠢ ᠵᠢᠷᠤᠮᠵᠢᠭᠤᠯᠤᠨ ᠲᠣᠬᠢᠷᠠᠭᠤᠯᠪᠠ᠃ | ᠲᠣᠬᠢᠷᠠᠭᠤᠯᠤᠯᠲᠠ ᠬᠢᠭᠰᠡᠨ ᠠᠭᠤᠯᠭ᠎ᠠ᠄ | ᠨᠢᠭᠡ᠂ ᠴᠢᠰᠤ ᠠᠪᠴᠤ ᠴᠢᠰᠤ ᠬᠠᠩᠭᠠᠬᠤ ᠪᠠᠶᠢᠭᠤᠯᠤᠮᠵᠢ ᠠᠴᠠ ᠡᠮᠴᠢᠯᠡᠭᠡᠨ ᠤ ᠪᠠᠶᠢᠭᠤᠯᠤᠮᠵᠢ ᠳᠤ | ᠬᠠᠩᠭᠠᠬᠤ ᠴᠢᠰᠤᠨ ᠤ ᠦᠨ᠎ᠡ ᠬᠠᠩᠰᠢ ᠳᠤ ᠴᠢᠰᠤ ᠠᠪᠴᠤ ᠴᠤᠭᠯᠠᠭᠤᠯᠬᠤ᠂ ᠬᠠᠳᠠᠭᠠᠯᠠᠬᠤ᠂ ᠢᠯᠭᠠᠵᠤ ᠰᠠᠯᠭᠠᠬᠤ᠂ | ᠰᠢᠯᠭᠠᠨ ᠪᠠᠶᠢᠴᠠᠭᠠᠬᠤ ᠵᠢᠴᠢ ᠬᠤᠷᠣᠭᠳᠠᠯ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠰᠦᠶᠳᠬᠡᠯ ᠪᠠᠭᠲᠠᠨ᠎ᠠ᠃ | ᠬᠤᠶᠠᠷ᠂ ᠡᠮᠴᠢᠯᠡᠭᠡᠨ ᠤ ᠪᠠᠶᠢᠭᠤᠯᠤᠮᠵᠢ ᠶᠢᠨ ᠠᠷᠠᠳ ᠢᠷᠭᠡᠳ ᠤᠨ ᠡᠮᠴᠢᠯᠡᠭᠡᠨ ᠳᠤ ᠬᠡᠷᠡᠭᠯᠡᠬᠦ ᠴᠢᠰᠦᠨ ᠤ | ᠰᠦᠶᠳᠬᠡᠯ ᠳᠤ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠶᠢᠨ ᠬᠠᠩᠭᠠᠬᠤ ᠦᠨ᠎ᠡ ᠬᠠᠩᠰᠢ᠂ ᠴᠢᠰᠤ | ᠲᠠᠭᠠᠷᠠᠭᠤᠯᠬᠤ ᠰᠦᠶᠳᠬᠡᠯ ᠪᠣᠯᠤᠨ ᠴᠢᠰᠤ ᠬᠠᠳᠠᠭᠠᠯᠠᠬᠤ ᠰᠦᠶᠳᠬᠡᠯ ᠪᠠᠭᠲᠠᠨ᠎ᠠ᠃ | ᠭᠤᠷᠪᠠ᠂ ᠴᠢᠰᠤᠨ ᠤ ᠪᠦᠲᠦᠭᠡᠭᠳᠡᠬᠦᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠠᠰᠠᠭ ᠤᠨ ᠣᠷᠳᠣᠨ ᠤ | ᠵᠢᠯᠣᠭᠤᠳᠬᠤ ᠦᠨ᠎ᠡ ᠶᠢᠨ ᠶᠣᠰᠣᠭᠠᠷ ᠬᠠᠮᠢᠶᠠᠷᠴᠤ᠂ ᠬᠠᠮᠤᠭ ᠤᠨ ᠥᠨᠳᠥᠷ ᠬᠢᠵᠠᠭᠠᠷᠲᠤ ᠦᠨ᠎ᠡ ᠶᠢ | ᠬᠡᠷᠡᠭᠵᠢᠭᠦᠯᠦᠨ᠎ᠡ᠃ | ᠳᠥᠷᠪᠡ᠂ ︽ᠤᠯᠠᠭᠠᠨ ᠡᠰ ︵ᠭᠠᠷ ᠢᠶᠠᠷ︶ ᠢ ᠤᠬᠢᠶᠠᠬᠤ︾ ᠲᠥᠷᠥᠯ ᠵᠤᠶᠢᠯ ᠳᠤ ᠲᠣᠬᠢᠷᠠᠭᠤᠯᠤᠯᠲᠠ ᠬᠢᠵᠦ | ᠂ ᠰᠦᠶᠳᠬᠡᠯ ᠬᠤᠷᠢᠶᠠᠬᠤ ᠪᠠᠷᠢᠮᠵᠢᠶ᠎ᠠ ᠶᠢ ᠨᠢᠭᠡᠴᠢ ᠪᠦᠷᠢ ︵200 ᠮᠢᠯᠢᠯᠢᠲᠷ ᠪᠦᠷᠢᠨ ᠴᠢᠰᠦ︶ ᠳᠤ 260 | ᠲᠥᠭᠦᠷᠢᠭ ᠪᠤᠯᠭᠠᠨ᠎ᠠ︔ ︽ᠸᠢᠷᠦ᠋ᠰ ᠤᠨ ᠢᠳᠡᠪᠬᠢ ᠥᠬᠡᠶᠢᠳᠡᠭᠦᠯᠬᠦ ᠬᠥᠯᠳᠡᠭᠦᠦ ᠴᠢᠰᠤᠨ ᠡᠭᠡᠳᠡᠩ ︵ᠰᠢᠨ᠎ᠡ | ᠰᠣᠷᠭᠤᠭ᠂ ᠲᠠᠩ ᠢᠶᠠᠷ ᠨᠢ ᠠᠪᠬᠤ ᠠᠳᠠᠯᠢ︶︾ ᠤᠨ ᠲᠥᠷᠥᠯ ᠵᠤᠶᠢᠯ ᠳᠤ ᠲᠣᠬᠢᠷᠠᠭᠤᠯᠤᠯᠲᠠ ᠬᠢᠵᠦ᠂ ᠰᠦᠶᠳᠬᠡᠯ | ᠬᠤᠷᠢᠶᠠᠬᠤ ᠪᠠᠷᠢᠮᠵᠢᠶ᠎ᠠ ᠶᠢ 120 ᠲᠥᠭᠦᠷᠢᠭ / 100 ml ᠪᠤᠯᠭᠠᠨ᠎ᠠ᠃ | ᠲᠠᠪᠤ᠂ ︽ᠴᠠᠭᠠᠨ ᠡᠰ ᠢ ᠱᠦᠭᠦᠨ ᠲᠤᠩᠭᠠᠬᠤ ᠰᠦᠶᠳᠬᠡᠯ︾ ᠪᠠ ︽ᠴᠢᠰᠤᠨ ᠤ ᠰᠠᠴᠤᠷᠠᠭ ᠡᠳ᠋ ᠢ | ᠰᠢᠶᠳᠪᠦᠷᠢᠯᠡᠬᠦ ᠰᠦᠶᠳᠬᠡᠯ︾ ᠳᠤ ᠲᠤᠬᠢᠷᠠᠭᠤᠯᠤᠯᠳᠠ ᠬᠢᠵᠦ᠂ ᠦᠨ᠎ᠡ ᠪᠤᠳᠤᠬᠤ ᠨᠢᠭᠡᠴᠢ ᠶᠢᠨ ︽ᠨᠢᠭᠡᠴᠢ ᠪᠦᠷᠢ | ᠶᠢ ︵200 ᠮᠢᠯᠢᠯᠢᠲᠷ ᠪᠦᠷᠢᠨ ᠴᠢᠰᠦ︶︾ ᠪᠤᠯᠭᠠᠨ᠎ᠠ᠃ | ᠵᠢᠷᠭᠤᠭ᠎ᠠ᠂ ︽ᠤᠯᠠᠭᠠᠨ ᠡᠰ ︵ᠮᠠᠰᠢᠨ ᠢᠶᠠᠷ ᠤᠬᠢᠶᠠᠬᠤ︶︾ ᠢ ᠤᠬᠢᠶᠠᠬᠤ ᠲᠥᠷᠥᠯ ᠵᠤᠶᠢᠯ ᠢ ᠰᠢᠨ᠎ᠡ ᠪᠠᠷ | ᠨᠡᠮᠡᠪᠡ᠂ ᠰᠦᠶᠳᠬᠡᠯ ᠬᠤᠷᠢᠶᠠᠬᠤ ᠪᠠᠷᠢᠮᠵᠢᠶ᠎ᠠ ᠶᠢᠨ ᠨᠢᠭᠡᠴᠢ ᠪᠦᠷᠢ ︵200 ᠮᠢᠯᠢᠯᠢᠲᠷ ᠪᠦᠷᠢᠨ ᠴᠢᠰᠦ︶ ᠶᠢ | 620 ᠲᠥᠭᠦᠷᠢᠭ ᠪᠤᠯᠭᠠᠨ᠎ᠠ᠃ | ᠳᠣᠯᠤᠭ᠎ᠠ᠂ ᠭᠠᠷ ᠢᠶᠠᠷ ᠦᠳᠭᠡᠷᠡᠭᠦᠯᠦᠭᠰᠡᠨ ᠴᠠᠭᠠᠨ ᠡᠰ᠂ ᠭᠠᠷ ᠢᠶᠠᠷ ᠦᠶᠯᠡᠳᠦᠭᠰᠡᠨ ᠴᠠᠭᠠᠨ ᠡᠰᠳᠦ | ᠴᠢᠰᠤᠨ ᠢᠯᠲᠠᠰᠤ ᠶᠢᠨ ᠬᠥᠪᠦᠮᠡᠯ ᠰᠢᠩᠭᠡᠨ᠂ ᠭᠠᠷ ᠢᠶᠠᠷ ᠴᠠᠭᠠᠨ ᠡᠰ ᠢ ᠢᠯᠭᠠᠷᠠᠭᠤᠯᠤᠨ ᠰᠠᠯᠭᠠᠬᠰᠠᠨ ᠤᠯᠠᠭᠠᠨ | ᠡᠰ ᠤᠨ ᠬᠥᠪᠦᠮᠡᠯ ᠰᠢᠩᠭᠡᠨ᠂ ᠭᠠᠳᠠᠷ ᠣᠷᠴᠢᠨ ᠤ ᠴᠢᠰᠤ ᠤᠶᠢᠯᠡᠳᠬᠦ ᠭᠤᠤᠯ ᠡᠰ ᠢ ᠴᠤᠭᠯᠠᠭᠤᠯᠬᠤ᠂ ᠴᠢᠰᠤ | ᠰᠣᠯᠢᠬᠤ᠂ ᠪᠠᠷᠢᠮᠵᠢᠶᠠᠲᠤ ᠴᠢᠰᠤᠨ ᠴᠠᠶᠢᠪᠠᠩ᠂ ᠣᠨᠴᠠᠭᠠᠶ ᠴᠢᠰᠤᠨ ᠴᠠᠶᠢᠪᠠᠩ ᠢ ᠲᠠᠷᠤᠬᠤ ᠵᠡᠷᠭᠡ ᠲᠥᠷᠥᠯ ᠵᠤᠶᠢᠯ ᠢ | ᠬᠦᠴᠦᠨ ᠥᠬᠡᠶ ᠪᠣᠯᠭᠠᠨ᠎ᠡ᠃ | ᠨᠠᠢᠮᠠ᠂ ᠴᠢᠰᠤ ᠠᠪᠴᠤ ᠴᠢᠰᠤ ᠬᠠᠩᠭᠠᠬᠤ ᠪᠠᠶᠢᠭᠤᠯᠤᠮᠵᠢ ᠨᠢ ᠬᠠᠷᠢᠶ᠎ᠠ ᠣᠷᠣᠨ ᠤ ᠪᠠᠨ ᠳᠣᠲᠣᠷᠠᠬᠢ | ᠡᠮᠴᠢᠯᠡᠭᠡᠨ ᠤ ᠪᠠᠶᠢᠭᠤᠯᠤᠮᠵᠢ ᠳᠤ ᠴᠢᠰᠤ ᠬᠠᠩᠭᠠᠬᠤ ᠳᠠᠭᠠᠨ ᠡᠮᠴᠢᠯᠡᠭᠡᠨ ᠤ ᠪᠠᠶᠢᠭᠤᠯᠤᠮᠵᠢ ᠲᠠᠢ ᠴᠢᠰᠤ ᠬᠦᠷᠭᠡᠬᠦ | ᠲᠥᠯᠥᠪᠯᠡᠭᠡ ᠲᠣᠭᠲᠠᠭᠠᠬᠤ ᠬᠡᠷᠡᠭᠲᠡᠢ᠃ ᠲᠥᠯᠥᠪᠯᠡᠭᠡ ᠳᠣᠲᠣᠷ᠎ᠠ ᠴᠢᠰᠤ ᠬᠦᠷᠭᠡᠬᠦ ᠳᠤ ᠦᠨ᠎ᠡ ᠲᠥᠯᠥᠪᠦᠷᠢ | ᠦᠭᠡᠢ ᠪᠠᠷ ᠴᠢᠰᠤ ᠬᠦᠷᠭᠡᠬᠦ ᠦᠢᠯᠡᠴᠢᠯᠡᠭᠡ ᠬᠠᠩᠭᠠᠬᠤ ᠬᠡᠷᠡᠭᠲᠡᠢ︔ ᠲᠥᠯᠥᠪᠯᠡᠭᠡ ᠠᠴᠠ ᠭᠠᠳᠠᠨᠠᠬᠢ ᠴᠢᠰᠤ ᠬᠦᠷᠭᠡᠬᠦ | ᠰᠦᠶᠳᠬᠡᠯ ᠢ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠪᠣᠯᠤᠨ ᠡᠮ ᠡᠮᠨᠡᠯᠭᠡ ᠶᠢᠨ ᠪᠠᠶᠢᠭᠤᠯᠤᠮᠵᠢ ᠠᠴᠠ | ᠵᠥᠪᠳᠡᠯᠴᠡᠨ ᠲᠣᠭᠲᠠᠭᠠᠨ᠎ᠠ᠃ ᠲᠥᠯᠥᠪᠯᠡᠭᠡ ᠠᠴᠠ ᠭᠠᠳᠠᠨᠠᠬᠢ ᠴᠢᠰᠤ ᠬᠦᠷᠭᠡᠬᠦ ᠰᠦᠶᠳᠬᠡᠯ ᠢ ᠡᠮᠴᠢᠯᠡᠭᠡᠨ ᠤ | ᠪᠠᠶᠢᠭᠤᠯᠤᠮᠵᠢ ᠡᠭᠦᠷᠭᠡᠯᠡᠨ᠎ᠡ᠂ ᠡᠪᠡᠳᠴᠢᠲᠡᠨ ᠠᠴᠠ ᠰᠦᠶᠳᠬᠡᠯ ᠬᠤᠷᠢᠶᠠᠵᠤ ᠪᠣᠯᠬᠤ ᠦᠭᠡᠢ᠃ᠡᠭᠦᠨ ᠠᠴᠠ ᠭᠠᠳᠠᠨ᠎ᠠ | ᠂ ᠲᠣᠰ ᠤᠳᠠᠭᠠᠨ ᠤ ᠲᠣᠬᠢᠷᠠᠭᠤᠯᠤᠯᠲᠠ ᠶᠢ 2025 ᠣᠨ ᠤ 3 ᠰᠠᠷ᠎ᠠ ᠶᠢᠨ 20 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |