ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠣᠲᠣ | ᠪᠣᠯᠲᠠᠯ᠎ᠠ᠂ ᠪᠥᠬᠦ ᠤᠯᠤᠰ ᠲᠤ ᠨᠢᠭᠡᠨᠲᠡ 29 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ | ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠲᠣᠭᠲᠠᠭᠰᠠᠨ ᠴᠡᠭ ᠤᠨ | ᠡᠮ ᠤᠨ ᠳᠡᠯᠭᠡᠭᠦᠷ ᠤᠨ ᠦᠨ᠎ᠡ ᠬᠠᠩᠰᠢ ᠶᠢ ᠬᠠᠷᠢᠴᠠᠭᠤᠯᠬᠤ ᠵᠢᠵᠢᠭ ᠫᠷᠣᠭ᠍ᠷᠠᠮ ᠢ ᠰᠦᠯᠵᠢᠶᠡᠨ ᠳᠤ ᠣᠷᠣᠭᠤᠯᠵᠤ᠂ | ᠡᠮ ᠤᠨ ᠵᠦᠢᠯ ᠤᠨ ᠦᠨ᠎ᠡ ᠬᠠᠩᠰᠢ ᠶᠢ ᠭᠠᠷ ᠤᠲᠠᠰᠤᠨ ᠳᠡᠭᠡᠷ᠎ᠡ ᠨᠢᠭᠡ ᠯᠡ ᠳᠠᠷᠤᠪᠴᠢ ᠪᠠᠷ ᠪᠠᠶᠢᠴᠠᠭᠠᠨ ᠯᠠᠪᠯᠠᠬᠤ | ᠂ ᠴᠠᠭ ᠲᠤᠬᠠᠢ ᠳᠤᠨᠢ ᠬᠠᠷᠢᠴᠠᠭᠤᠯᠬᠤ ᠪᠠ ᠣᠷᠣᠨ ᠪᠠᠶᠢᠷᠢ ᠪᠠᠷ ᠵᠠᠮᠴᠢᠯᠠᠬᠤ ᠵᠡᠷᠭᠡ ᠶᠢ ᠪᠡᠶᠡᠯᠡᠭᠦᠯᠵᠦ ᠳᠡᠶᠢᠯᠬᠦ | ᠪᠣᠯᠤᠭᠰᠠᠨ ᠪᠠᠶᠢᠨ᠎ᠠ᠃ | ᠡᠨᠡ ᠨᠢ ᠬᠡᠷᠡᠭᠯᠡᠭᠴᠢᠳ ᠶᠠᠮᠠᠷ ᠨᠢᠭᠡᠨ ᠡᠮ ᠤᠨ ᠵᠦᠢᠯ ᠢ ᠬᠠᠮᠢᠭ᠎ᠠ ᠠᠴᠠ ᠬᠤᠳᠠᠯᠳᠤᠨ ᠠᠪᠴᠤ ᠪᠣᠯᠬᠤ᠂ | ᠡᠰᠡᠬᠦᠯ᠎ᠡ ᠶᠠᠮᠠᠷ ᠨᠢᠭᠡᠨ ᠡᠮ ᠤᠨ ᠵᠦᠢᠯ ᠤᠨ ᠠᠳᠠᠯᠢ ᠪᠤᠰᠤ ᠡᠮ ᠤᠨ ᠳᠡᠯᠭᠡᠭᠦᠷ ᠲᠠᠬᠢ ᠦᠨ᠎ᠡ ᠬᠠᠩᠰᠢ ᠶᠢ ᠮᠡᠳᠡᠶ᠎ᠡ | ᠭᠡᠪᠡᠯ᠂ ᠥᠪᠡᠷ ᠢᠶᠠᠨ ᠳᠡᠯᠭᠡᠭᠦᠷ ᠲᠤ ᠣᠴᠢᠬᠤ ᠬᠡᠷᠡᠭ ᠦᠭᠡᠢ᠂ ᠭᠠᠷ ᠤᠲᠠᠰᠤᠨ ᠳᠡᠭᠡᠷ᠎ᠡ ᠠᠴᠠ ᠪᠠᠨ ᠣᠶᠢᠯᠠᠭᠠᠵᠤ | ᠮᠡᠳᠡᠴᠢᠬᠡᠨ᠎ᠡ ᠭᠡᠳᠡᠭ ᠢ ᠬᠠᠷᠠᠭᠤᠯᠵᠤ ᠪᠠᠶᠢᠨ᠎ᠠ᠃ | ᠬᠡᠷᠡᠭᠯᠡᠭᠴᠢ ᠲᠤᠬᠠᠢ ᠶᠢᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ App᠂ | ᠸᠢᠴᠠᠲ ᠤᠨ ᠵᠢᠵᠢᠭ ᠫᠷᠣᠭ᠍ᠷᠠᠮ᠂ ᠸᠢᠴᠠᠲ ᠤᠨ ᠨᠡᠶᠢᠲᠡ ᠶᠢᠨ ᠳ᠋ᠤᠭᠠᠷ᠂ ᡁᠢ ᠹᠦ᠋ ᠪᠣᠤ ᠶᠢᠨ ᠵᠢᠵᠢᠭ ᠫᠷᠣᠭ᠍ᠷᠠᠮ ᠵᠡᠷᠭᠡ | ᠠᠷᠭ᠎ᠠ ᠵᠠᠮ ᠢᠶᠠᠷ ᠣᠷᠣᠵᠤ ᠪᠣᠯᠣᠨ᠎ᠠ᠂ ᠳᠠᠩᠰᠠᠯᠠᠭᠤᠯᠬᠤ ᠦᠭᠡᠢ ᠪᠠᠷ ᠲᠡᠷᠡ ᠳᠠᠷᠤᠢ ᠳᠤᠨᠢ ᠬᠡᠷᠡᠭᠯᠡᠨ᠎ᠡ᠃ ᠡᠮ ᠤᠨ | ᠵᠦᠢᠯ ᠤᠨ ᠨᠡᠷᠡᠶᠢᠳᠦᠯ ᠢ ᠣᠷᠣᠭᠤᠯᠤᠭᠰᠠᠨ ᠤ ᠳᠠᠷᠠᠭ᠎ᠠ᠂ ᠣᠶᠢᠷ᠎ᠠ ᠬᠠᠪᠢ ᠶᠢᠨ ᠡᠮ ᠤᠨ ᠳᠡᠯᠭᠡᠭᠦᠷ ᠲᠤ ᠪᠠᠶᠢᠭ᠎ᠠ | ᠡᠮ ᠤᠨ ᠵᠦᠢᠯ ᠤᠨ ᠣᠷᠣᠯᠠᠭᠴᠢ ᠨᠣᠮᠧᠷ᠂ ᠬᠡᠪ ᠪᠠᠷᠢᠮᠵᠢᠶ᠎ᠠ ᠶᠢᠨ ᠨᠠᠶᠢᠷᠠᠯᠭ᠎ᠠ ᠶᠢᠨ ᠬᠡᠯᠪᠡᠷᠢ᠂ ᠦᠢᠯᠡᠳᠪᠦᠷᠢᠯᠡᠭᠰᠡᠨ | ᠠᠵᠤ ᠠᠬᠤᠶᠢᠯᠠᠯ᠂ ᠵᠥᠪᠰᠢᠶᠡᠷᠡᠯ ᠤᠨ ᠪᠢᠴᠢᠭ ᠤᠨ ᠳ᠋ᠤᠭᠠᠷ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ | ᠠᠭᠤᠯᠭ᠎ᠠ ᠶᠢ ᠣᠯᠵᠤ ᠬᠠᠷᠠᠬᠤ ᠪᠠᠷ ᠪᠠᠷᠠᠬᠤ ᠦᠭᠡᠢ᠂ ᠦᠨ᠎ᠡ ᠬᠠᠩᠰᠢ ᠶᠢ ᠦᠨᠳᠦᠰᠦᠯᠡᠨ ᠰᠢᠭᠰᠢᠨ ᠰᠣᠩᠭᠤᠵᠤ | ᠪᠣᠯᠣᠨ᠎ᠠ᠃ | ᠬᠡᠰᠡᠭ ᠮᠤᠵᠢ ᠣᠷᠣᠨ ᠤ ᠲᠣᠭᠲᠠᠭᠰᠠᠨ ᠴᠡᠭ ᠤᠨ ᠡᠮ ᠤᠨ ᠳᠡᠯᠭᠡᠭᠦᠷ ᠤᠨ ᠬᠠᠷᠢᠴᠠᠭᠤᠯᠤᠭᠰᠠᠨ | ᠦᠨ᠎ᠡ ᠬᠠᠩᠰᠢ ᠶᠢᠨ ᠵᠢᠵᠢᠭ ᠫᠷᠣᠭ᠍ᠷᠠᠮ ᠨᠢ ᠪᠠᠰᠠ ᠬᠥᠮᠥᠷᠭᠡ ᠶᠢᠨ ᠬᠠᠳᠠᠭᠠᠯᠠᠯᠲᠠ ᠶᠢᠨ ᠮᠡᠳᠡᠭᠡ ᠵᠠᠩᠭᠢ ᠶᠢ ᠳᠡᠯᠭᠡᠨ | ᠦᠵᠡᠭᠦᠯᠬᠦ᠂ ᠬᠡᠪ ᠤᠨ ᠪᠤᠰᠤ ᠦᠨ᠎ᠡ ᠬᠠᠩᠰᠢ ᠶᠢ ᠰᠠᠨᠠᠭᠤᠯᠬᠤ᠂ ᠦᠨ᠎ᠡ ᠬᠠᠩᠰᠢ ᠶᠢᠨ ᠬᠠᠨᠳᠤᠰᠢ ᠶᠢ ᠵᠠᠳᠠᠯᠬᠤ | ᠵᠡᠷᠭᠡ ᠬᠤᠯᠪᠣᠭᠳᠠᠯ ᠪᠦᠬᠦᠢ ᠴᠢᠳᠠᠮᠵᠢ ᠶᠢ ᠬᠠᠩᠭᠠᠭᠰᠠᠨ ᠪᠠᠶᠢᠨ᠎ᠠ᠃ |