ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/21
      2 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠰᠢᠭᠤᠨ ᠤ ᠰᠣᠶᠣᠯ ᠤᠨ ᠦᠢᠯᠡᠰ ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠡᠮᠬᠢᠯᠡᠨ ᠰᠤᠳᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠴᠢᠭᠯᠡᠯ ᠢᠶᠠᠨ ᠲᠣᠳᠣᠷᠬᠠᠶᠢᠯᠠᠵᠤ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃     ᠬᠤᠷᠠᠯ ᠳᠡᠭᠡᠷ᠎ᠡ᠂ ᠮᠢᠩ ᠱᠧᠩ ᠡᠨᠧᠷᠭᠢ ᠶᠢᠨ ᠺᠣᠮᠫᠠᠨᠢ ᠵᠢᠴᠢ ᠬᠠᠷᠢᠶ᠎ᠠ ᠳᠥᠷᠪᠡᠨ ᠬᠤᠪᠢᠶᠠᠷᠢ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠤᠨ 2025 ᠣᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠠᠵᠢᠯᠯᠠᠭ᠎ᠠ ᠶᠢ ᠲᠥᠯᠥᠪᠵᠢᠭᠦᠯᠦᠭᠰᠡᠨ ᠪᠠᠶᠢᠳᠠᠯ᠂ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃ ᠬᠡᠰᠡᠭ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠪᠣᠯᠤᠨ ᠬᠡᠰᠡᠭ ᠬᠤᠰᠢᠭᠤᠨ ᠤ ᠤᠳᠤᠷᠢᠳᠤᠯᠭ᠎ᠠ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠲᠠᠯ᠎ᠠ ᠪᠠᠷ ᠦᠵᠡᠯᠲᠡ ᠪᠠᠨ ᠶᠠᠷᠢᠵᠤ᠂ ᠠᠰᠠᠭᠤᠳᠠᠯ ᠢ ᠡᠷᠢᠵᠦ᠂ ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠬᠠᠮᠲᠤᠪᠠᠷ ᠰᠦᠪᠡᠭᠴᠢᠯᠡᠪᠡ᠃     ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠰᠢᠰᠲ᠋ᠧᠮᠲᠦ ᠰᠡᠳᠬᠢᠬᠦᠶ᠂ ᠠᠵᠤ ᠦᠢᠯᠡᠰᠴᠢ ᠰᠡᠳᠬᠢᠬᠦᠶ᠂ ᠠᠯᠤᠰ ᠬᠡᠲᠦ ᠶᠢᠨ ᠰᠡᠳᠬᠢᠬᠦᠶ ᠪᠠ ᠬᠡᠳᠦᠨ ᠣᠶᠤᠨ ᠤ ᠤᠬᠠᠮᠰᠠᠷ ᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠺᠣᠮᠫᠠᠨᠢ ᠶᠢᠨ ᠲᠣᠰ ᠪᠡᠶ᠎ᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠶ ᠪᠠᠶᠢᠷᠢ ᠲᠣᠭᠲᠠᠭᠠᠯᠲᠠ ᠬᠢᠵᠦ᠂ ᠨᠢᠭᠡᠳᠦᠯᠲᠡᠶ ᠲᠥᠯᠥᠪᠵᠢᠭᠦᠯᠵᠦ᠂ ᠨᠢᠭᠡᠳᠦᠯᠲᠡᠶ ᠳᠣᠭᠢᠷᠠᠭᠤᠯᠤᠨ᠂ ᠲᠥᠷᠥᠯ ᠵᠦᠢᠯ ᠢᠶᠠᠷ ᠬᠥᠲᠥᠯᠦᠨ ᠳᠠᠭᠠᠭᠤᠯᠬᠤ ᠶᠢ ᠳᠣᠪᠤᠶᠢᠯᠭᠠᠵᠤ᠂ ᠠᠵᠤ ᠦᠢᠯᠡᠰ ᠤᠨ ᠠᠭᠤᠰᠤᠯᠴᠠᠯ ᠢ ᠰᠠᠶᠢᠲᠤᠷ ᠬᠢᠵᠦ᠂ᠰᠢᠢᠳᠪᠦᠷᠢᠯᠡᠵᠦ ᠲᠡᠶᠢᠯᠬᠦ ᠰᠡᠳᠬᠢᠬᠦᠢ ᠪᠠᠷ ᠴᠢᠳᠠᠪᠦᠷᠢᠳᠡᠨ ᠢ ᠠᠭᠤᠰᠤᠯᠴᠠᠭᠤᠯᠬᠤ᠂ ᠤᠶᠤᠨ ᠢ ᠠᠭᠤᠰᠤᠯᠴᠠᠭᠤᠯᠬᠤ᠂  ᠪᠡᠯᠡ ᠬᠤᠷᠠᠮᠳᠤᠭᠤᠯᠬᠤ ᠶᠢ ᠤᠶᠢᠯᠠᠭᠠᠵᠤ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ᠂ ᠨᠥᠯᠥᠭᠡᠯᠡᠬᠦ ᠬᠦᠴᠦᠨ ᠢᠶᠠᠷ ᠴᠢᠩᠭ᠎ᠠ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠲᠡᠳᠬᠦᠨ ᠳᠡᠮᠵᠢᠵᠦ᠂ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠴᠢᠷᠮᠠᠶᠢᠨ ᠤᠷᠲᠤᠳᠬᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠮᠠᠨ ᠤ ᠬᠤᠰᠢᠭᠤᠨ ᠤ ᠲᠤᠯᠭᠠᠭᠤᠷᠢ ᠠᠵᠤ ᠦᠢᠯᠡᠰ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠨᠠᠷᠠᠲᠤ ᠲᠥᠷᠥᠯ ᠲᠡᠮᠳᠡᠭᠲᠦ ᠶᠢᠨ ᠤᠬᠠᠮᠰᠠᠷ ᠢ ᠪᠠᠲᠤ ᠪᠣᠶ ᠪᠣᠯᠭᠠᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠂ ᠥᠪᠡᠷᠮᠢᠴᠡ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ︽IP︾ ᠶᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠰᠡᠳᠬᠢᠬᠦᠶ ᠪᠠ ᠡᠵᠡᠩᠨᠡᠯᠲᠡ ᠶᠢᠨ ᠣᠨᠣᠯᠵᠢᠬᠤᠨ ᠢ ᠪᠠᠷᠢᠮᠲᠠᠯᠠᠨ᠂ ᠡᠵᠡᠩᠨᠡᠵᠦ ᠪᠣᠯᠬᠤ᠂ ᠠᠰᠢᠭ ᠣᠯᠵᠠᠪᠤᠷᠢ ᠲᠠᠢ᠂ ᠦᠷᠭᠦᠯᠵᠢᠯᠡᠬᠦ᠋ᠢᠴᠡ ᠵᠠᠷᠴᠢᠮ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ᠂ ᠬᠡᠷᠡᠭᠯᠡᠭᠡ ᠲᠠᠢ᠂ ᠪᠡᠶᠡᠴᠢᠯᠡᠨ ᠣᠶᠢᠯᠠᠭᠠᠬᠤ ᠪᠠᠷᠢᠮᠵᠢᠶ᠎ᠠ ᠶᠣᠰᠣᠭᠠᠷ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ ᠡᠬᠢ ᠪᠠᠶᠠᠯᠢᠭ ᠢ ᠠᠮᠢᠳᠤᠯᠢᠭᠵᠢᠭᠤᠯᠬᠤ᠂ ᠡᠬᠢ ᠪᠠᠶᠠᠯᠢᠭ ᠢ ᠠᠭᠤᠳᠠᠯᠬᠤ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠡᠭᠡᠷ᠎ᠡ ᠬᠦᠴᠦ ᠲᠠᠯᠪᠢᠵᠤ᠂ ᠮᠦᠽᠧᠶ᠂ ᠲᠣᠭᠯᠠᠯᠲᠠ ᠶᠢᠨ ᠲᠥᠪ ᠵᠡᠷᠭᠡ ᠲᠦᠬᠦᠭᠡᠷᠦᠮᠵᠢ ᠶᠢᠨ ᠲᠠᠯᠠᠪᠠᠢ᠂ ᠮᠤᠷᠢᠨ ᠤᠷᠤᠯᠳᠤᠭᠠᠨ ᠤ ︽  ᠬᠦᠳᠡᠭᠡ ᠲᠤᠰᠬᠤᠨ ᠤ ᠲᠡᠰ ᠠᠴᠠ ᠲᠠᠪᠠᠭᠰᠠᠨ︾ ᠵᠡᠷᠭᠡ ᠤᠷᠤᠯᠳᠤᠭᠠᠨ ᠤ ᠠᠵᠢᠯᠯᠠᠭ᠎ᠠ ᠶᠢᠨ ᠬᠡᠯᠪᠡᠷᠢ ᠪᠠ ᠲᠤᠳᠤᠭᠠᠳᠤ ᠠᠭᠤᠯᠤᠭᠳᠠᠬᠤᠨ ᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠣᠶᠢᠯᠠᠭᠠᠯᠲᠠ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠬᠤ ᠬᠡᠷᠡᠭᠲᠡᠶ᠃ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠦᠯᠵᠢᠶᠡᠨ ᠤ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠤᠷᠤᠰᠬᠠᠯ ᠤᠨ ᠵᠠᠭᠤᠴᠢᠯᠠᠭᠤᠷ ᠤᠨ ᠤᠬᠠᠭᠤᠯᠭ᠎ᠠ ᠳᠤ ᠲᠦᠰᠢᠭᠯᠡᠨ ᠠᠩᠬᠠᠷᠤᠯ ᠢ ᠲᠠᠲᠠᠵᠤ᠂ ᠥᠪᠡᠷ ᠤᠨ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ᠤᠬᠠᠭᠤᠯᠤᠨ ᠢᠯᠡᠴᠢᠯᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠭᠤᠣᠯ ᠴᠣᠭᠴᠠ ᠳᠤ ᠲᠦᠰᠢᠭᠯᠡᠨ ᠬᠠᠷᠢᠯᠴᠠᠨ ᠢᠯᠡᠴᠢᠯᠡᠬᠦ ᠤᠷᠤᠰᠬᠠᠯ ᠤᠨ ᠬᠡᠮᠵᠢᠶ᠎ᠡ ᠶᠢ ᠨᠡᠮᠡᠭᠳᠡᠭᠦᠯᠵᠦ᠂ ᠡᠯ᠎ᠡ ᠲᠠᠯ᠎ᠠ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠵᠠᠰᠠᠭ ᠤᠨ ᠣᠷᠳᠣᠨ ᠠᠴᠠ ᠬᠦᠳᠦᠯᠦᠨ ᠵᠢᠯᠣᠭᠤᠳᠬᠤ᠂ ᠣᠷᠣᠨ ᠪᠦᠰᠡ ᠬᠠᠮᠵᠢᠯᠴᠠᠬᠤ᠂ ᠤᠯᠠᠨ ᠲᠦᠮᠡᠨ ᠣᠷᠣᠯᠴᠠᠬᠤ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠵᠦ᠂ ᠬᠥᠮᠦᠰ ᠤᠨ ᠠᠩᠬᠠᠷᠤᠯ ᠢ ᠪᠦᠬᠦ ᠲᠠᠯ᠎ᠠ ᠪᠠᠷ ᠲᠠᠲᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号