ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠦᠯᠯᠡᠷᠭᠡᠭ ᠨᠤᠲᠤᠭ ᠪᠡᠯᠴᠢᠭᠡᠷ ᠤᠨ ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠲᠦᠷᠦᠯ ᠵᠦᠢᠯ ᠤᠨ ᠲᠤᠷᠰᠢᠯᠳᠠ ᠶᠢᠨ ᠴᠡᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ  ᠬᠤᠷᠠᠯ ᠢ ᠵᠤᠬᠢᠶᠠᠨ ᠪᠠᠨᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/21
      ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 18 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠦᠯᠯᠡᠷᠭᠡᠭ ᠨᠤᠲᠤᠭ ᠪᠡᠯᠴᠢᠭᠡᠷ ᠤᠨ ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶ᠎ᠠ ᠪᠥᠬᠦᠶ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ ᠡᠯ᠎ᠡ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠲᠠᠢ ᠡᠯ᠎ᠡ ᠵᠦᠢᠯ ᠤᠨ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠢᠶ᠎ᠠ ᠪᠥᠬᠦᠶ ᠠᠵᠤ ᠠᠬᠤᠶᠢᠯᠠᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠭᠡᠬᠦ ᠶᠠᠪᠤᠴᠠ ᠳᠤ ᠢᠯᠡᠷᠡᠭᠦᠯᠦᠭᠰᠡᠨ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠬᠤ ᠶᠢᠨ ᠬᠠᠮᠲᠤ᠂ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠭᠠᠷᠳᠠᠮ ᠢ ᠲᠦᠷᠭᠡᠨ ᠭᠦᠢᠴᠡᠳᠭᠡᠬᠦ ᠶᠢ ᠰᠢᠮᠳᠠᠭᠤᠯᠵᠤ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ ᠵᠡᠷᠭᠡ ᠠᠰᠠᠭᠤᠳᠠᠯ ᠡᠭᠦᠰᠬᠦ ᠶᠢ ᠡᠷᠡᠰ ᠬᠤᠷᠢᠭᠯᠠᠪᠠ᠃     ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠠᠵᠤ ᠠᠬᠤᠶᠢᠯᠠᠯ ᠵᠢᠴᠢ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠳ ᠤᠷᠢᠳᠠᠪᠠᠷ ᠡᠷᠲᠡ ᠠᠴᠠ ᠠᠳᠬᠤᠵᠤ᠂ ᠲᠦᠷᠭᠡᠨ ᠠᠳᠬᠤᠵᠤ᠂ ᠲᠦᠷᠦᠯ ᠵᠦᠢᠯ ᠤᠨ ᠣᠷᠣᠨ ᠤ ᠠᠮᠢ ᠠᠬᠤᠢ ᠶᠢ ᠰᠡᠷᠭᠦᠭᠡᠬᠦ ᠠᠵᠢᠯ ᠢ ᠵᠡᠷᠭᠡᠪᠡᠷ ᠠᠬᠢᠭᠤᠯᠵᠤ᠂ ᠲᠦᠷᠦᠯ ᠵᠦᠢᠯ ᠤᠨ ᠣᠷᠣᠨ ᠤ ᠡᠮᠦᠨ᠎ᠡ ᠳᠤᠮᠳᠠ ᠬᠤᠶᠢᠨᠠᠬᠢ ᠪᠦᠬᠦ ᠦᠶᠡᠯᠡᠯ ᠤᠨ ᠬᠤᠭᠤᠴᠠᠭᠠᠨ ᠤ ᠬᠢᠨᠠᠨ ᠬᠡᠮᠵᠢᠯᠲᠡ ᠶᠢ ᠰᠠᠶᠢᠲᠤᠷ ᠬᠢᠵᠦ᠂ ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠦᠷ᠎ᠡ ᠪᠦᠲᠦᠭᠡᠯ ᠤᠨ ᠮᠡᠳᠡᠭᠦᠯᠦᠯᠲᠡ ᠪᠣᠯᠣᠨ ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠠᠮᠢ ᠠᠬᠤᠢ ᠶᠢᠨ ᠵᠠᠰᠠᠯᠲᠠ ᠶᠢᠨ ᠵᠠᠭᠪᠤᠷ ᠢ ᠳ᠋ᠦᠩᠨᠡᠨ ᠪᠦᠷᠢᠯᠳᠦᠭᠦᠯᠬᠦ ᠳᠤ ᠪᠠᠲᠤ ᠪᠠᠬᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠳᠤ ᠪᠥᠬᠦ ᠲᠠᠯ᠎ᠠ ᠪᠠᠷ ᠬᠠᠨᠳᠤᠵᠤ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂  ᠰᠢᠢᠳᠪᠦᠷᠢᠯᠡᠭᠳᠡᠬᠦᠢ ᠰᠡᠳᠬᠢᠬᠦᠶ ᠶᠢ ᠪᠠᠲᠤ ᠪᠣᠶ ᠪᠣᠯᠭᠠᠵᠤ᠂ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠴᠢᠨᠠᠷ᠂ ᠳᠡᠯᠭᠡᠷᠡᠭᠦᠯᠵᠦ ᠪᠣᠯᠬᠤᠶᠢᠴᠠ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠶᠢᠨ ᠺᠠᠳ᠋ᠷ ᠠᠵᠢᠯᠲᠠᠨ ᠠᠵᠢᠯᠴᠢᠨ ᠤ ᠠᠵᠢᠯ ᠬᠢᠵᠦ ᠦᠢᠯᠡᠰ ᠴᠣᠭᠴᠠᠯᠠᠬᠤ ᠴᠢᠳᠠᠪᠤᠷᠢ ᠪᠠ ᠰᠢᠨ᠎ᠡ ᠶᠢ ᠡᠭᠦᠳᠬᠦ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠬᠤ ᠬᠡᠷᠡᠭᠲᠡᠶ᠃   ᠲᠣᠰ ᠤᠳᠠᠭᠠᠨ ᠤ ᠠᠬᠢᠭᠤᠯᠬᠤ ᠬᠤᠷᠠᠯ ᠨᠢ ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ  ᠤᠨ ᠠᠯᠳᠠᠭᠳᠠᠯ ᠢ ᠪᠠᠶᠢᠴᠠᠭᠠᠨ ᠳᠤᠲᠠᠭᠤ ᠶᠢ  ᠨᠦᠬᠦᠪᠦᠷᠢᠯᠡᠵᠦ᠂ ᠪᠠᠰᠠ ᠠᠵᠢᠯᠳᠠᠨ ᠪᠤᠯᠤᠨ ᠬᠤᠶᠠᠷ ᠭᠤᠤᠯᠳᠠᠯᠭ᠎ᠠ ᠲᠠᠢ ᠠᠵᠤ ᠠᠬᠤᠶᠢᠯᠠᠯ ᠳᠤ ᠰᠤᠯᠢᠯᠴᠠᠭ᠎ᠠ ᠨᠡᠪᠳᠡᠷᠡᠯᠴᠡᠭᠡ ᠶᠢᠨ ᠲᠠᠪᠴᠠᠩ ᠬᠠᠩᠭᠠᠵᠠᠢ᠂ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠠ ᠲᠣᠬᠢᠶᠠᠯ ᠢ ᠠᠮᠵᠢᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠡᠪᠡᠰᠦ ᠪᠡᠯᠴᠢᠭᠡᠷ ᠭᠡᠷᠡᠯᠴᠢ ᠴᠡᠨᠡᠭ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠤᠷᠤᠭᠰᠢᠲᠠᠶ ᠠᠵᠢᠯ ᠡᠬᠢᠯᠡᠭᠦᠯᠦᠨ ᠬᠡᠷᠡᠭᠵᠢᠭᠦᠯᠬᠦ ᠶᠢ ᠪᠠᠲᠤᠯᠠᠵᠤ᠂ ᠲᠤᠷᠰᠢᠯᠲᠠ ᠶᠢᠨ ᠴᠡᠭ ᠤᠨ ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠵᠤ᠂ ᠴᠦᠯᠯᠡᠷᠭᠡᠭ ᠨᠤᠲᠤᠭ ᠪᠡᠯᠴᠢᠭᠡᠷ  ᠢ ᠥᠨᠳᠥᠷ ᠲᠦᠪᠰᠢᠨ ᠢᠶᠠᠷ ᠬᠠᠮᠠᠭᠠᠯᠠᠨ ᠰᠡᠷᠭᠦᠭᠡᠬᠦ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号