ᠮᠠᠨ ᠤ ᠬᠤᠰᠢᠭᠤᠨ ᠤ ᠰᠤᠷ ᠬᠠᠷᠪᠤᠬᠤ ᠲᠠᠮᠢᠷᠴᠢᠨ ᠤ ᠪᠦᠬᠦᠯᠢ ᠴᠣᠭᠴᠠ ᠶᠢᠨ ᠬᠡᠪ ᠴᠢᠨᠠᠷ ᠢ | ᠳᠡᠭᠡᠭᠰᠢᠯᠡᠭᠦᠯᠵᠦ᠂ ᠤᠷᠤᠯᠳᠤᠭᠠᠨ ᠤ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠦᠨ᠂ ᠮᠠᠨ ᠤ ᠬᠤᠰᠢᠭᠤᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠠᠮᠢᠷᠴᠢᠳ ᠤᠨ ᠡᠩᠨᠡᠭᠡ ᠶᠢ ᠶᠡᠬᠡᠪᠡᠷ ᠬᠥᠮᠦᠵᠢᠭᠦᠯᠬᠦ ᠶᠢᠨ ᠲᠥᠯᠥᠭᠡ᠂ 2 | ᠰᠠᠷ᠎ᠠ ᠶᠢᠨ 19 ᠤ ᠡᠳᠦᠷ ᠭᠡᠷ ᠳᠣᠲᠣᠷᠠᠬᠢ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ ᠤᠨ ᠰᠤᠷ | ᠬᠠᠷᠪᠤᠬᠤ ᠲᠠᠯᠠᠪᠠᠶ ᠳᠤ ᠴᠠᠭᠠᠨ ᠰᠠᠷ᠎ᠠ ᠶᠢᠨ ᠰᠤᠷ ᠬᠠᠷᠪᠤᠬᠤ ᠠᠩᠬᠠᠨ ᠤ ᠤᠷᠤᠯᠳᠤᠭᠠᠨ ᠶᠠᠪᠤᠭᠤᠯᠪᠠ᠃ ᠲᠤᠰ | ᠤᠳᠠᠭᠠᠨ ᠤ ᠤᠷᠤᠯᠳᠤᠭᠠᠨ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠠᠴᠠ ᠭᠤᠣᠯᠯᠠᠨ ᠡᠷᠬᠢᠯᠡᠵᠦ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠪᠡ᠃ | ᠲᠣᠰ ᠤᠳᠠᠭᠠᠨ ᠤ ᠰᠤᠷ ᠬᠠᠷᠪᠤᠬᠤ ᠤᠷᠤᠯᠳᠤᠭᠠᠨ ᠨᠢ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ | ᠪᠡᠶ᠎ᠡ ᠶᠢᠨ ᠲᠠᠮᠢᠷ ᠤᠨ ᠲᠠᠮᠢᠷᠴᠢᠳ᠂ ᠰᠤᠷ ᠬᠠᠷᠪᠤᠯᠲᠠ ᠶᠢᠨ ᠳᠤᠷ᠎ᠠ ᠪᠠᠭ᠋ᠠᠲᠠᠳ ᠤᠨ ᠠᠩᠬᠠᠷᠤᠯ ᠢ ᠲᠠᠲᠠᠭᠰᠠᠨ | ᠪᠠᠶᠢᠨ᠎ᠠ᠃ | ᠤᠷᠤᠯᠳᠤᠭᠠᠨ ᠳᠤ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ 20 ᠭᠠᠷᠤᠶ ᠲᠠᠮᠢᠷᠴᠢᠨ | ᠤᠷᠤᠯᠳᠤᠭᠠᠨ ᠳᠤ ᠣᠷᠣᠯᠴᠠᠵᠤ᠂ ᠤᠯᠠᠮᠵᠢᠯᠠᠯᠲᠤ ᠤᠷᠤᠯᠳᠤᠭᠠᠨ ᠤ ᠲᠦᠷᠢᠮ ᠢ ᠬᠡᠷᠡᠭᠯᠡᠨ᠂ ᠤᠷᠤᠯᠳᠤᠭᠠᠨ ᠳᠤ | ᠣᠷᠣᠯᠴᠠᠭᠰᠠᠳ ᠦᠨᠳᠦᠰᠦᠲᠡᠨ ᠤ ᠣᠨᠴᠠᠯᠢᠭ ᠲᠠᠢ ᠤᠯᠠᠮᠵᠢᠯᠠᠯᠲᠤ ᠨᠤᠮᠤ ᠰᠤᠮᠤ ᠪᠠᠨ ᠠᠳᠬᠤᠵᠤ᠂ ᠰᠤᠮᠤ | ᠬᠠᠷᠪᠤᠬᠤ᠂ ᠬᠥᠪᠴᠢ ᠴᠢᠩᠭᠠᠭᠠᠬᠤ᠂ ᠨᠣᠮᠤ ᠲᠠᠯᠪᠢᠬᠤ᠂ ᠣᠨᠢᠯᠠᠬᠤ᠂ ᠬᠥᠪᠴᠢ ᠪᠠᠨ ᠲᠠᠶᠢᠯᠬᠤ ᠵᠡᠷᠭᠡ ᠨᠢᠭᠡ ᠯᠡ | ᠠᠮᠢᠰᠬᠤᠭ᠎ᠠ ᠪᠠᠷ ᠠᠮᠵᠢᠯᠲᠠ ᠣᠯᠵᠤ᠂ ᠲᠡᠳᠡᠨ ᠤ ᠪᠣᠯᠪᠠᠰᠤᠷᠠᠩᠭᠤᠶ ᠰᠤᠷ ᠬᠠᠷᠪᠤᠬᠤ ᠮᠡᠷᠭᠡᠵᠢᠯ ᠢ ᠠᠯᠢ ᠴᠢᠳᠠᠬᠤ ᠪᠠᠷ | ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠤᠷ ᠤᠨ ᠦᠵᠡᠭᠴᠢᠳ ᠤᠨ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢ | ᠤᠯᠪᠠ ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠨ᠂ ᠡᠴᠦᠰ ᠲᠡᠭᠡᠨ ᠪᠠᠶᠠᠨᠬᠤᠸᠠ ᠪᠠᠯᠭᠠᠰᠤ ᠠᠴᠠ ᠢᠷᠡᠭᠰᠡᠨ | ᠰᠢᠨᠡᠪᠠᠶᠠᠷ᠂ ᠪᠠᠶ᠋ᠬᠠᠤᠪᠤᠭ᠎ᠠ ᠰᠤᠮᠤ ᠶᠢᠨ ᠲᠤᠳᠤᠪᠢᠯᠢᠭ᠌᠂ ᠪᠠᠶ᠋ᠬᠠᠤᠪᠤᠭ᠎ᠠ ᠰᠤᠮᠤ ᠶᠢᠨ ᠤᠷᠠᠨᠳᠤᠭᠤᠰ | ᠤᠷᠤᠯᠳᠤᠭᠠᠨ ᠳᠤ ᠡᠮᠦᠨ᠎ᠡ ᠭᠤᠷᠪᠠ ᠳᠤ ᠣᠷᠣᠪᠠ᠃ ᠲᠣᠰ ᠤᠳᠠᠭᠠᠨ ᠤ ᠰᠤᠷ ᠬᠠᠷᠪᠤᠬᠤ ᠤᠷᠤᠯᠳᠤᠭᠠᠨ ᠨᠢ ᠰᠤᠷ | ᠬᠠᠷᠪᠤᠬᠤ ᠳᠤᠷᠠᠲᠠᠶ ᠬᠥᠮᠦᠰ ᠲᠤ ᠤᠷ᠎ᠠ ᠮᠡᠷᠭᠡᠰᠢᠯ᠂ ᠰᠣᠯᠢᠯᠴᠠᠭ᠎ᠠ ᠬᠢᠬᠦ ᠲᠠᠪᠴᠠᠩ ᠬᠠᠩᠭᠠᠭᠰᠠᠨ ᠢᠶᠠᠷ ᠪᠠᠷᠠᠬᠤ | ᠥᠬᠡᠶ᠂ ᠪᠠᠰᠠ ᠮᠠᠨ ᠤ ᠬᠤᠰᠢᠭᠤᠨ ᠤ ᠰᠤᠷ ᠬᠠᠷᠪᠤᠬᠤ ᠬᠥᠳᠡᠯᠭᠡᠭᠡᠨ ᠤ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠵᠤ᠂ ᠨᠠᠩ ᠣᠯᠠᠨ ᠬᠥᠮᠦᠨ ᠳᠤ ᠡᠨᠡ ᠬᠦ ᠤᠯᠠᠮᠵᠢᠯᠠᠯᠲᠤ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ | ᠮᠡᠳᠡᠷᠡᠭᠦᠯᠪᠡ᠃ | ᠱᠠᠩᠨᠠᠯ ᠣᠯᠭᠤᠬᠤ ᠶᠠᠪᠤᠴᠠ ᠳᠤ᠂ ᠰᠤᠷ ᠬᠠᠷᠪᠤᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠦᠭᠰᠡᠨ | ᠦᠨᠳᠦᠷ ᠬᠢᠷᠢ ᠬᠡᠮ ᠲᠠᠢ ᠰᠤᠷ ᠬᠠᠷᠪᠤᠬᠤ ᠲᠠᠰᠬᠠᠵᠢᠭᠤᠯᠤᠭᠴᠢ᠂ ᠬᠢᠨᠠᠭᠴᠢ ᠵᠡᠷᠭᠡ ᠣᠷᠳᠣ ᠬᠤᠭᠤᠴᠠᠭ᠎ᠠ ᠪᠠᠷ | ᠬᠠᠷᠪᠤᠯᠲᠠ ᠶᠢᠨ ᠦᠢᠯᠡᠰ ᠢ ᠲᠡᠯᠭᠡᠷᠡᠬᠦᠯᠦᠨ ᠬᠦᠭᠵᠢᠬᠦᠯᠦᠭᠰᠡᠨ ᠠᠵᠢᠯᠳᠠᠳ ᠲᠤ ᠱᠠᠩᠨᠠᠯ ᠤᠯᠭᠤᠵᠤ᠂ | ᠡᠭᠦᠨ ᠢᠶᠠᠷ ᠳᠠᠮᠵᠢᠨ ᠲᠡᠳᠡᠨ ᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠢ ᠤᠯᠠᠮᠵᠢᠯᠠᠨ | ᠵᠠᠯᠭᠠᠮᠵᠢᠯᠠᠬᠤ᠂ ᠰᠤᠷ ᠬᠠᠷᠪᠤᠬᠤ ᠦᠢᠯᠡᠰ ᠤᠨ ᠥᠷᠨᠢᠩᠭᠦᠶ ᠬᠥᠭᠵᠢᠯᠲᠡ ᠶᠢ ᠠᠬᠢᠭᠤᠯᠬᠤ ᠶᠠᠪᠤᠴᠠ ᠳᠤ | ᠢᠯᠡᠷᠡᠭᠦᠯᠦᠭᠰᠡᠨ ᠭᠠᠷᠮᠠᠭᠠᠶ ᠵᠣᠷᠢᠭ ᠰᠠᠨᠠᠭ᠎ᠠ ᠪᠠ ᠴᠥᠬᠦᠷᠡᠰᠢ ᠥᠬᠡᠶ ᠴᠢᠷᠮᠠᠶᠢᠯᠭ᠎ᠠ ᠶᠢ ᠬᠥᠬᠢᠭᠦᠯᠦᠨ ᠰᠠᠶᠢᠰᠢᠶᠠᠪᠠ᠃ | 2025 ᠣᠨ ᠳᠤ᠂ ᠪᠢᠳᠡ ᠦᠷᠭᠦᠯᠵᠢᠯᠡᠨ ︽ᠤᠷᠤᠯᠳᠤᠭᠠᠨ ᠢ ᠳᠠᠭᠠᠵᠤ ᠵᠢᠭᠤᠯᠴᠢᠯᠠᠬᠤ︾ ᠪᠠᠷ ᠭᠠᠷᠳᠠᠴᠠ | ᠪᠣᠯᠭᠠᠵᠤ᠂ ᠥᠪᠡᠷ ᠤᠨ ᠪᠡᠶ᠎ᠡ ᠶᠢᠨ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠤᠯᠠᠮᠵᠢᠯᠠᠯᠲᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠣᠯᠠᠨ ᠲᠦᠮᠡᠨᠴᠢ ᠪᠡᠶ᠎ᠡ ᠶᠢᠨ | ᠲᠠᠮᠢᠷ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ | ᠪᠡᠶ᠎ᠡ ᠶᠢᠨ ᠲᠠᠮᠢᠷ ᠢ ᠰᠠᠶᠢᠲᠤᠷ ᠡᠷᠭᠢᠯᠡᠵᠦ᠂ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠬᠤᠳᠠᠯᠳᠤᠭᠠᠨ ᠤ | ᠣᠯᠠᠨ ᠠᠵᠤ ᠦᠢᠯᠡᠰ ᠢ ᠵᠡᠷᠭᠡᠪᠡᠷ ᠬᠥᠭᠵᠢᠭᠦᠯᠵᠦ᠂ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ |