ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/24
      2 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 162 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ ᠪᠠᠷ ᠪᠣᠯᠪᠠᠰᠤᠷᠠᠭᠤᠯᠤᠯ ᠥᠷᠨᠢᠭᠦᠯᠵᠦ᠂ ︽ᠠᠵᠢᠯᠯᠠᠬᠤ ᠲᠤᠮᠳᠠ ᠰᠤᠷᠤᠯᠴᠠᠵᠤ᠂ ᠰᠤᠷᠤᠯᠴᠠᠬᠤ ᠳᠤᠮᠳᠠ ᠠᠵᠢᠯᠯᠠᠬᠤ︾ ᠴᠢᠳᠠᠪᠤᠷᠢ ᠶᠢ ᠳᠡᠭᠡᠭᠰᠢᠯᠡᠭᠦᠯᠬᠦ ᠲᠣᠭᠲᠠᠴᠠ ᠶᠢ ᠪᠦᠷᠢᠨᠰᠢᠬᠦᠯᠵᠦ᠂ ᠺᠠᠳ᠋ᠷᠴᠤᠳ ᠢ ᠬᠠᠪᠰᠤᠷᠤᠨ ᠮᠡᠳᠡᠯᠭᠡ ᠶᠢᠨ ᠬᠤᠭᠤᠰᠣᠨ ᠢ ᠴᠠᠭ ᠲᠤᠬᠠᠶ ᠳᠤᠨᠢ ᠨᠥᠬᠦᠪᠥᠷᠢᠯᠡᠵᠦ᠂ ᠬᠡᠪ ᠴᠢᠨᠠᠷ ᠤᠨ ᠲᠤᠳᠠᠭᠳᠠᠯ ᠢ ᠨᠥᠬᠦᠪᠥᠷᠢᠯᠡᠵᠦ᠂ ᠴᠢᠳᠠᠪᠤᠷᠢ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢᠶᠠᠷ ᠣᠷᠣᠨ ᠪᠠᠶᠢᠷᠢ ᠪᠠᠨ ᠲᠤᠬᠢᠷᠠᠭᠤᠯᠬᠤ ᠶᠢ ᠪᠠᠷᠢᠮᠲᠠᠯᠠᠵᠤ᠂ ᠠᠵᠢᠯ ᠦᠢᠯᠡᠰ ᠢ ᠡᠷᠬᠢᠮᠯᠡᠬᠦ᠂ ᠠᠵᠢᠯ ᠶᠠᠪᠤᠳᠠᠯ ᠢ ᠲᠦᠰᠢᠭᠯᠡᠵᠦ ᠬᠥᠮᠦᠨ ᠢ ᠰᠣᠩᠭᠤᠬᠤ᠂ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠡᠪ ᠴᠢᠨᠠᠷ ᠤᠨ ᠰᠢᠨᠵᠢᠯᠡᠨ ᠪᠠᠶᠢᠴᠠᠭᠠᠯᠲᠠ ᠶᠢ ᠭᠦᠨᠵᠡᠭᠡᠢ ᠪᠣᠳᠠᠲᠠᠢ ᠬᠢᠵᠦ᠂ ᠥᠭᠡᠷᠡᠴᠢᠯᠡᠯᠲᠡ ᠬᠥᠭᠵᠢᠯᠲᠡ ᠶᠢᠨ ᠭᠤᠣᠯ ᠲᠠᠶᠢᠨ ᠤ ᠲᠠᠯᠠᠪᠤᠷ  ᠢ ᠪᠡᠷᠬᠡ ᠬᠠᠲᠠᠭᠤᠵᠢᠯᠲᠠᠢ ᠠᠵᠢᠯ ᠤᠨ ᠪᠠᠶᠢᠷᠢ ᠳᠤ ᠳᠠᠪᠲᠠᠨ ᠪᠣᠯᠪᠠᠰᠤᠷᠠᠵᠤ᠂  ᠤᠷᠳᠤ ᠬᠤᠭᠤᠴᠠᠭ᠎ᠠ ᠪᠠᠷ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠦᠨᠳᠦᠰᠦᠯᠡᠭᠰᠡᠨ ᠺᠠᠳ᠋ᠷ ᠲᠡᠶᠢᠰᠢ ᠬᠡᠯᠪᠠᠶᠢᠯᠭᠡᠬᠦ ᠶᠢ ᠴᠢᠬᠤᠯᠠᠴᠢᠯᠠᠵᠤ᠂ ᠺᠠᠳ᠋ᠷ ᠤᠨ ᠲᠠᠪᠰᠢᠵᠤ ᠪᠠᠭᠤᠬᠤ ᠶᠢ ᠪᠠᠶᠢᠩᠭᠤᠵᠢᠭᠤᠯᠤᠨ ᠠᠬᠢᠭᠤᠯᠬᠤ ᠬᠡᠷᠡᠭᠲᠡᠢ᠃      ᠬᠤᠷᠠᠯ ᠠᠴᠠ ᠪᠥᠬᠦ ᠬᠤᠰᠢᠭᠤᠨ ᠤ ᠵᠠᠰᠠᠭ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠪᠠᠶᠢᠳᠠᠯ ᠤᠨ ᠬᠠᠮᠢᠶ᠎ᠠ ᠪᠥᠬᠦᠶ ᠤᠴᠢᠷ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠮᠵᠢᠯᠠᠯᠲᠤ ᠰᠡᠳᠬᠢᠬᠦᠶ ᠠᠴᠠ ᠠᠩᠭᠢᠵᠢᠷᠠᠵᠤ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠦᠴᠦᠨ ᠢ ᠭᠦᠢᠴᠡᠳ ᠠᠰᠢᠭᠯᠠᠨ᠂ ᠮᠠᠨ ᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ᠂ ᠳᠤᠤᠷ᠎ᠠ ᠠᠭᠠᠷ ᠤᠨ ᠠᠵᠤ ᠠᠬᠤᠶ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠤ ᠲᠣᠭᠤᠷᠢᠨ ᠳᠤ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠪᠠᠨ ᠬᠦᠴᠦᠯᠡᠨ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号