ᠰᠢᠪᠡᠷᠬᠦ᠋ᠷᠢᠶ᠎ᠡ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠤᠰᠤ ᠬᠠᠳᠠᠭᠠᠯᠠᠬᠤ ᠰᠤᠪᠤᠷᠭ᠎ᠠ ᠣᠯᠠᠨ ᠲᠦᠮᠡᠨ ᠤ ᠰᠡᠳᠬᠢᠯ ᠢ ᠤᠮᠳᠠᠯᠠᠪᠠ
ᠨᠡᠶᠢᠲᠡᠯᠡᠭᠰᠡᠨ ᠴᠠᠭ᠄
2025/2/24
      ︽ᠣᠳᠣ ᠵᠠᠰᠠᠵᠤ ᠰᠠᠶᠢᠨ ᠪᠤᠯᠭᠠᠭᠰᠠᠨ ᠠᠴᠠ ᠤᠰᠤ ᠭᠡᠷᠡᠭᠯᠡᠬᠦ ᠳᠤ ᠳᠥᠭᠦᠮ ᠪᠣᠯᠤᠭᠰᠠᠨ ᠢᠶᠠᠷ ᠪᠠᠷᠠᠬᠤ ᠥᠬᠡᠶ᠂ ᠪᠠᠰᠠ ᠴᠠᠬᠢᠯᠭᠠᠨ ᠤ ᠵᠠᠷᠤᠳᠠᠯ ᠢ ᠠᠷᠪᠢᠯᠠᠪᠠ᠂ ᠡᠨᠡ ᠨᠢ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠮᠠᠨ ᠤ ᠠᠷᠠᠳ ᠲᠦᠮᠡᠨ ᠳᠤ ᠬᠢᠭᠰᠡᠨ ᠰᠠᠶᠢᠨ ᠶᠠᠪᠤᠳᠠᠯ  ᠶᠤᠮ︾ ᠃  ᠬᠦᠰᠡᠨ ᠤᠳᠠᠭᠰᠠᠨ ᠴᠢᠩ ᠯᠦᠩ ᠸᠠᠨ ᠰᠢᠨ᠎ᠡ ᠲᠣᠰᠬᠤᠨ ᠤ ᠤᠰᠤᠨ ᠰᠤᠪᠤᠷᠭ᠎ᠠ ᠪᠠᠶᠢᠭᠤᠯᠤᠭᠳᠠᠭᠰᠠᠨ ᠢ ᠦᠵᠡᠭᠡᠳ᠂ ᠰᠢᠪᠡᠷᠬᠦ᠋ᠷᠢᠶ᠎ᠡ  ᠪᠠᠯᠭᠠᠰᠤᠨ ᠤ ᠬᠦᠨᠳᠡᠢ ᠲᠠᠯ᠎ᠠ ᠲᠣᠰᠬᠤᠨ ᠤ ᠠᠷᠠᠳ ᠤᠰᠤᠨ ᠰᠤᠪᠤᠷᠭ᠎ᠠ ᠶᠢᠨ ᠬᠠᠵᠠᠭᠤ ᠳᠤ ᠴᠤᠭᠯᠠᠷᠠᠵᠤ᠂ ᠴᠢᠷᠠᠢ ᠳᠤᠨᠢ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠪᠢᠯᠬᠠᠨ᠎ᠠ᠃     ᠡᠷᠲᠡ ᠠᠴᠠ᠂ ᠬᠦᠨᠳᠡᠢ ᠲᠠᠯ᠎ᠠ ᠲᠣᠰᠬᠤᠨ ᠤ ᠠᠷᠠᠳ ᠦᠷᠭᠦᠯᠵᠢ ᠤᠰᠤ ᠬᠡᠷᠡᠭᠯᠡᠬᠦ ᠶᠢᠨ ᠲᠥᠯᠥᠭᠡ ᠰᠠᠨᠠᠭ᠎ᠠ ᠵᠣᠪᠠᠵᠤ  ᠪᠠᠶᠢᠳᠠᠭ᠃ ᠤᠰᠤᠨ ᠤ ᠡᠬᠢ ᠰᠤᠷᠪᠤᠯᠵᠢ ᠬᠦᠷᠦᠯᠴᠡᠬᠦ ᠦᠭᠡᠶ ᠠᠴᠠ ᠪᠣᠯᠵᠤ᠂ ᠲᠣᠰᠬᠤᠨ ᠤ ᠲᠦᠭᠡᠭᠡᠯ ᠤᠰᠤᠨ ᠤ ᠬᠠᠩᠭᠠᠯᠭ᠎ᠠ ᠶᠡᠷᠦ ᠳᠡᠭᠡᠨ ᠲᠣᠭᠲᠠᠭᠤᠨ ᠪᠤᠰᠤ ᠪᠠᠶᠢᠵᠤ᠂ ᠲᠣᠰᠬᠤᠨ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠮᠠᠰᠢ ᠳᠥᠭᠦᠮ ᠦᠭᠡᠢ ᠪᠠᠶᠢᠵᠠᠢ᠃ ᠢᠯᠠᠩᠭᠤᠶ᠎ᠠ ᠭᠠᠩ ᠬᠠᠭᠰᠠᠷᠠᠭᠠᠨ ᠤ ᠤᠯᠠᠷᠢᠯ ᠳᠤ ᠤᠰᠤ ᠬᠡᠷᠡᠭᠯᠡᠬᠦ ᠠᠰᠠᠭᠤᠳᠠᠯ ᠨᠢ ᠲᠣᠰᠬᠤᠨ ᠤ ᠠᠷᠠᠳ ᠤᠨ  ᠰᠡᠳᠬᠢᠯ ᠤᠨ ᠡᠪᠡᠳᠴᠢᠨ  ᠪᠤᠯᠪᠠ᠃     ᠡᠨᠡ ᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂  ᠬᠦᠨᠳᠡᠢ ᠲᠠᠯ᠎ᠠ ᠲᠣᠰᠬᠤᠨ ᠤ ᠵᠥᠪᠯᠡᠯ ᠢᠳᠡᠪᠬᠢᠲᠡᠶ ᠪᠠᠷ ᠳᠡᠭᠡᠭᠰᠢ ᠮᠡᠳᠡᠭᠦᠯᠵᠦ᠂ ᠰᠢᠪᠡᠷᠬᠦ᠋ᠷᠢᠶ᠎ᠡ ᠪᠠᠯᠭᠠᠰᠤᠨ ᠤ ᠵᠠᠰᠠᠭ ᠤᠨ ᠣᠷᠳᠣᠨ ᠪᠣᠯᠤᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠴᠠᠭ ᠲᠤᠬᠠᠶ ᠳᠤᠨᠢ ᠬᠠᠷᠢᠯᠴᠠᠵᠤ᠂ ᠣᠯᠠᠨ ᠲᠠᠯ᠎ᠠ ᠪᠠᠷ ᠵᠣᠬᠢᠴᠠᠭᠤᠯᠬᠤ ᠪᠠᠷ ᠳᠠᠮᠵᠢᠭᠤᠯᠤᠨ᠂ ᠪᠡᠯᠡ ᠮᠥᠩᠭᠦ᠂ ᠮᠡᠷᠭᠡᠵᠢᠯ ᠵᠡᠷᠭᠡ ᠡᠯ᠎ᠡ  ᠵᠦᠢᠯ ᠤᠨ ᠠᠰᠠᠭᠤᠳᠠᠯ ᠢ ᠢᠯᠠᠨ ᠳᠠᠪᠠᠵᠤ᠂ ᠨᠢᠭᠡ ᠬᠤᠭᠤᠴᠠᠭᠠᠨ ᠤ ᠪᠠᠴᠢᠮ ᠶᠠᠭᠠᠷᠠᠯᠲᠠᠶ ᠪᠠᠷᠢᠯᠭ᠎ᠠ  ᠶᠢᠨ ᠠᠵᠢᠯ ᠢᠶᠠᠷ ᠳᠡᠮᠵᠢᠨ᠂ ᠡᠨᠡ ᠬᠦ ᠥᠨᠳᠥᠷ ᠰᠦᠷᠯᠢᠭ ᠤᠰᠤ ᠬᠠᠳᠠᠭᠠᠯᠠᠬᠤ ᠰᠤᠪᠤᠷᠭ᠎ᠠ  ᠶᠢ ᠪᠠᠷᠢᠵᠤ ᠲᠠᠭᠤᠰᠬᠠᠨ᠂ ᠭᠠᠩ ᠬᠠᠭᠰᠠᠷᠠᠭᠠᠨ ᠤ ᠤᠯᠠᠷᠢᠯ ᠳᠤ ᠲᠣᠰᠬᠤᠨ ᠤ ᠠᠷᠠᠳ ᠲᠤ ᠲᠣᠭᠲᠠᠭᠤᠨ ᠤᠰᠤᠨ ᠰᠤᠷᠪᠤᠯᠵᠢ ᠬᠠᠩᠭᠠᠵᠤ᠂ ᠲᠣᠰᠬᠤᠨ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠪᠠ᠃     ᠤᠰᠤᠨ ᠰᠤᠪᠤᠷᠭ᠎ᠠ ᠪᠠᠶᠢᠭᠤᠯᠤᠭᠳᠠᠬᠤ ᠠᠴᠠ ᠡᠮᠦᠨ᠎ᠡ᠂ ᠡᠳᠦᠷ ᠪᠦᠷᠢ ᠶᠢᠨ ᠤᠷᠤᠢ ᠶᠢᠨ 17 ᠴᠠᠭ ᠠᠴᠠ 22 ᠴᠠᠭ ᠪᠤᠯᠳᠠᠯ᠎ᠠ ᠴᠠᠬᠢᠯᠭᠠᠨ  ᠢᠶᠠᠷ  ᠤᠰᠤ ᠲᠠᠳᠠᠬᠤ ᠴᠢᠬᠤᠯᠠᠳᠠᠢ ᠂ ᠰᠠᠷ᠎ᠠ ᠪᠦᠷᠢ ᠲᠣᠰᠬᠤᠨ ᠤ ᠠᠷᠠᠳ ᠤᠨ ᠤᠰᠤ ᠴᠠᠬᠢᠯᠭᠠᠨ ᠤ ᠵᠠᠷᠤᠳᠠᠯ 600 - 800 ᠲᠥᠭᠦᠷᠢᠭ ᠲᠤ ᠬᠦᠷᠴᠦ᠂ ᠤᠰᠤᠨ ᠰᠤᠪᠤᠷᠭ᠎ᠠ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠤᠰᠤ ᠲᠠᠲᠠᠬᠤ ᠳᠤ ᠵᠥᠪᠬᠡᠨ 2 ᠴᠠᠭ  ᠭᠡᠷᠡᠭᠰᠡᠵᠦ᠂ ᠲᠤᠰᠬᠤᠨ ᠤ ᠠᠷᠠᠳ ᠤᠨ2 ᠡᠳᠦᠷ ᠤᠨ ᠭᠡᠷᠡᠭᠯᠡᠬᠦ ᠤᠰᠤ ᠶᠢ ᠬᠠᠩᠭᠠᠵᠤ᠂ ᠲᠣᠰᠬᠤᠨ ᠤ ᠠᠷᠠᠳ ᠰᠠᠷ᠎ᠠ ᠳᠤ ᠵᠥᠪᠬᠡᠨ 200-300 ᠲᠥᠭᠦᠷᠢᠭ ᠤᠨ ᠴᠠᠬᠢᠯᠭᠠᠨ ᠤ ᠵᠠᠷᠤᠳᠠᠯ ᠵᠢᠴᠢ 200 ᠲᠥᠭᠦᠷᠢᠭ ᠤᠨ ᠠᠵᠢᠯᠴᠢᠨ ᠤ ᠵᠠᠷᠤᠳᠠᠯ ᠥᠭᠴᠦ᠂ ᠲᠣᠰᠬᠤᠨ ᠤ ᠠᠷᠠᠳ ᠤᠨ ᠵᠠᠷᠤᠯᠭ᠎ᠠ ᠶᠢ ᠶᠡᠭᠡ ᠪᠠᠷ  ᠪᠠᠭᠠᠰᠬᠠᠭᠰᠠᠨ ᠪᠠᠶᠢᠨ᠎ᠠ᠃ ᠤᠰᠤᠨ ᠰᠤᠪᠤᠷᠭ᠎ᠠ ᠶᠢᠨ ᠪᠦᠳᠦᠭᠡᠨ ᠪᠠᠶᠢᠭᠤᠯᠤᠯᠲᠠ ᠨᠢ ᠲᠣᠰᠬᠤᠨ ᠤ ᠠᠷᠠᠳ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠤᠰᠤ ᠬᠡᠷᠡᠭᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠬᠦᠷᠦᠯᠴᠡᠬᠦ ᠦᠭᠡᠢ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠪᠠᠭᠠᠰᠬᠠᠵᠤ᠂ ᠤᠯᠠᠨ ᠲᠦᠮᠡᠨ ᠤ ᠴᠠᠬᠢᠯᠭᠠᠨ ᠤ ᠰᠦᠢᠳᠬᠡᠯ ᠤᠨ ᠵᠠᠷᠤᠯᠭ᠎ᠠ ᠶᠢ ᠪᠠᠭᠠᠰᠬᠠᠵᠤ᠂ ᠤᠯᠠᠨ ᠲᠦᠮᠡᠨ ᠤ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ ᠨᠢᠭᠲᠠᠷᠠᠯ ᠤᠨ ᠬᠦᠴᠦᠨ ᠪᠣᠯᠤᠨ ᠲᠥᠪᠯᠡᠩᠭᠦᠢ ᠬᠦᠴᠦᠨ ᠢ ᠴᠢᠩᠭᠠᠳᠬᠠᠵᠠᠢ᠃    ᠳᠠᠷᠠᠭᠠᠴᠢ ᠶᠢᠨ ᠠᠯᠬᠤᠮ ᠳᠤ᠂ ᠰᠢᠪᠡᠷᠬᠦ᠋ᠷᠢᠶ᠎ᠡ ᠪᠠᠯᠭᠠᠰᠤ ᠶᠢᠨ ᠬᠢᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ ᠳᠤ ᠤᠯᠠᠮ ᠴᠢᠨᠠᠭᠰᠢᠳᠠ ᠭᠦᠨᠵᠡᠭᠡᠶᠢᠷᠡᠵᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠯᠠᠨ ᠤ ᠬᠡᠷᠡᠭᠴᠡᠭᠡ ᠶᠢ ᠨᠠᠷᠢᠨ ᠬᠢᠨᠠᠮᠠᠭᠠᠢ ᠠᠰᠠᠭᠤᠬᠤ ᠶᠢᠨ ᠬᠠᠮᠲᠤ ᠲᠣᠰᠬᠤᠨ ᠤ ᠠᠷᠠᠳ ᠤᠨ ᠰᠠᠨᠠᠭᠠᠰᠢᠷᠠᠯ ᠪᠣᠯᠤᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号