ᠨᠠᠮ ᠤᠨ ᠪᠠᠶᠢᠭᠤᠯᠤᠯᠲᠠ  ᠪᠠᠷ ᠨᠡᠶᠢᠯᠡᠮᠡᠯ ᠬᠦᠴᠦᠨ ᠢ ᠬᠥᠲᠥᠯᠥᠨ ᠳᠠᠭᠠᠭᠤᠯᠵᠤ ᠪᠠᠭ᠎ᠠ ᠤᠩᠭᠤᠨ ᠰᠢᠶᠠᠩ ᠤᠨ ᠴᠠᠩ ᠬᠠᠨ ᠲᠤᠰᠬᠤᠨ ᠤ ᠨᠠᠮ ᠤᠨ ᠡᠬᠦᠷ ᠬᠦᠷᠰᠢ ᠵᠡᠷᠭᠡᠯᠡᠳᠡᠭᠡ ᠬᠤᠷᠰᠢᠶ᠎ᠠ ᠪᠠᠨ ᠬᠦᠳᠦᠯᠦᠨ ᠲᠠᠭᠠᠭᠤᠯᠵᠤ ᠠᠷᠢᠬᠢᠨ ᠤ ᠦᠢᠯᠡᠳᠪᠦᠷᠢ ᠶᠢᠨ ᠰᠢᠨ᠎ᠡ ᠠᠶᠠᠨ ᠵᠠᠮ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2025/2/24
      2 ᠰᠠᠷ᠎ᠠ ᠶᠢᠨ 20 ᠤ ᠡᠳᠦᠷ᠂ ᠪᠠᠭ᠎ᠠ ᠤᠩᠭᠤᠨ ᠰᠢᠶᠠᠩ ᠤᠨ ᠴᠠᠩ ᠬᠠᠨ ᠲᠣᠰᠬᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠰᠦᠪᠡᠭᠴᠢᠯᠡᠨ  ᠪᠤᠵᠠᠭᠠᠶᠢᠷᠠᠭᠤᠯᠬᠤ ᠵᠠᠮ ᠳᠡᠭᠡᠷ᠎ᠡ ᠵᠠᠩᠭᠢᠯᠠᠭ᠎ᠠ ᠶᠢᠨ ᠠᠯᠬᠤᠮ ᠢ ᠠᠯᠬᠤᠪᠠ᠃ ᠲᠣᠰᠬᠤᠨ ᠤ ᠨᠠᠮ ᠤᠨ ᠡᠭᠦᠷ ᠠᠴᠠ ᠬᠤᠷᠰᠢᠶ᠎ᠠ ᠳᠠᠭᠠᠭᠤᠯᠤᠨ ᠡᠷᠬᠢᠯᠡᠬᠦ ᠰᠢᠨ᠎ᠡ ᠶᠢ ᠡᠭᠦᠳᠬᠦ ᠵᠠᠭᠪᠤᠷ ᠢᠶᠠᠷ ᠳᠠᠮᠵᠢᠭᠤᠯᠤᠨ᠂ ᠭᠠᠳᠠᠷ ᠣᠷᠣᠨ ᠤ ᠠᠷᠢᠯᠵᠢᠶᠠᠴᠢᠨ ᠡᠷᠦᠬᠡ ᠲᠠᠢ ᠪᠡᠯᠡ ᠣᠷᠣᠭᠤᠯᠵᠤ ᠠᠷᠢᠬᠢᠨ ᠤ ᠦᠢᠯᠡᠳᠪᠦᠷᠢ ᠪᠠᠶᠢᠭᠤᠯᠬᠤ ᠠᠩᠬ᠎ᠠ ᠠᠯᠬᠤᠮ ᠤᠨ ᠰᠠᠨᠠᠮᠵᠢ ᠶᠢ ᠠᠮᠵᠢᠯᠲᠠ ᠲᠠᠢ ᠪᠠᠷ ᠲᠣᠭᠲᠠᠭᠠᠵᠤ᠂ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ 300 ᠲᠦᠮᠡᠨ ᠲᠥᠭᠦᠷᠢᠭ ᠲᠤ ᠬᠦᠷᠪᠡ᠃ ᠡᠨᠡ ᠬᠦ ᠬᠠᠮᠲᠤᠷᠠᠯᠴᠠᠭ᠎ᠠ ᠨᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠠᠪᠴᠢᠷᠠᠭᠰᠠᠨ ᠪᠠᠶᠢᠨ᠎ᠠ᠃      ᠨᠠᠮ ᠤᠨ ᠡᠭᠦᠷ ᠬᠦᠲᠦᠯᠦᠨ ᠳᠠᠭᠠᠭᠤᠯᠵᠤ᠂ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠪᠡ      ᠴᠠᠩ ᠬᠠᠨ ᠲᠣᠰᠬᠤᠨ ᠤ ᠨᠠᠮ ᠤᠨ ᠡᠭᠦᠷ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠪᠦᠲᠦᠮᠵᠢᠲᠡᠶ ᠠᠷᠭ᠎ᠠ ᠵᠠᠮ ᠢ ᠢᠳᠡᠪᠬᠢᠲᠡᠶ ᠪᠠᠷ  ᠡᠷᠢᠯᠬᠢᠯᠡᠭᠰᠡᠭᠡᠷ ᠢᠷᠡᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠶ ᠰᠤᠳᠤᠯᠤᠭᠰᠠᠨ ᠤ ᠳᠠᠷᠠᠭ᠎ᠠ᠂ ᠨᠠᠮ ᠤᠨ ᠡᠭᠦᠷ ᠢᠶᠠᠷ ᠬᠤᠷᠰᠢᠶ᠎ᠠ ᠶᠢ ᠳᠠᠭᠠᠭᠤᠯᠤᠨ ᠡᠷᠬᠢᠯᠡᠬᠦ ᠪᠠᠷ ᠲᠠᠪᠴᠠᠩ ᠪᠣᠯᠭᠠᠵᠤ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠭᠠᠵᠠᠷ ᠰᠢᠷᠣᠶ᠂ ᠬᠥᠳᠡᠯᠮᠦᠷᠢ ᠬᠦᠴᠦᠨ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂  ᠠᠷᠢᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠶ ᠪᠠᠷ ᠥᠷᠨᠢᠭᠦᠯᠬᠦ ᠪᠠᠷ ᠲᠣᠭᠲᠠᠪᠠ᠃ ᠲᠣᠰᠬᠤᠨ ᠤ ᠨᠠᠮ ᠤᠨ ᠡᠭᠦᠷ ᠤᠨ ᠪᠦᠷᠢᠯᠳᠦᠬᠦᠨ ᠨᠡᠷ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠤᠯᠠᠨ ᠤᠳᠠᠭ᠎ᠠ ᠭᠦᠨᠵᠡᠭᠡᠢ ᠪᠠᠶᠢᠴᠠᠭᠠᠨ ᠰᠤᠳᠤᠯᠵᠤ᠂ ᠲᠤᠰ ᠭᠠᠵᠠᠷ ᠤᠨ ᠴᠢᠨᠠᠷ ᠰᠠᠶᠢᠲᠠᠢ ᠠᠮᠤ ᠪᠤᠳᠠᠭᠠᠨ ᠤ ᠲᠠᠷᠢᠮᠠᠯ ᠢ ᠢᠯᠡᠷᠡᠭᠦᠯᠵᠦ᠂ ᠪᠤᠭᠤᠳᠠᠢ ᠶᠢᠨ ᠤᠨᠠᠯᠲᠠ ᠥᠨᠳᠥᠷ᠂ ᠶᠠᠰᠤ ᠴᠢᠨᠠᠷ ᠰᠠᠶᠢᠨ  ᠪᠠᠶᠢᠵᠤ᠂ ᠠᠷᠢᠬᠢ ᠨᠡᠷᠡᠬᠦ ᠠᠵᠤ ᠦᠢᠯᠡᠰ ᠢ ᠬᠥᠭᠵᠢᠭᠦᠯᠬᠦ ᠰᠠᠶᠢᠨ ᠰᠠᠭᠤᠷᠢ ᠶᠢ ᠪᠦᠷᠢᠯᠳᠦᠭᠦᠯᠦᠭᠰᠡᠨ ᠢ ᠮᠡᠳᠡᠵᠠᠢ᠃ ᠡᠭᠦᠨ ᠤ ᠬᠠᠮᠲᠤ᠂ ᠲᠣᠰᠬᠤᠨ ᠤ ᠰᠤᠯᠠ ᠪᠠᠶᠢᠭ᠎ᠠ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠤᠨ ᠬᠡᠰᠡᠭ ᠰᠤᠯᠠ ᠪᠠᠶᠢᠭ᠎ᠠ ᠬᠥᠳᠡᠯᠮᠦᠷᠢ ᠬᠦᠴᠦᠨ ᠢ ᠪᠠᠰᠠ ᠠᠮᠢᠳᠤᠯᠢᠭᠵᠢᠭᠤᠯᠤᠨ ᠠᠰᠢᠭᠯᠠᠬᠤ ᠴᠢᠬᠤᠯᠠᠲᠠᠢ ᠪᠠᠶᠢᠨ᠎ᠠ᠃      ᠣᠨᠢᠨ ᠳᠡᠭᠡᠷ᠎ᠡ ᠨᠢ ᠠᠷᠢᠯᠵᠢᠶᠠᠴᠢᠨ ᠤᠷᠢᠵᠤ᠂ ᠠᠷᠢᠬᠢᠨ ᠦᠢᠯᠡᠳᠪᠦᠷᠢ ᠶᠢᠨ ᠪᠡᠯᠡ ᠣᠷᠣᠭᠤᠯᠬᠤ ᠰᠠᠨᠠᠮᠵᠢ ᠲᠣᠭᠲᠠᠪᠠ᠃    ᠲᠣᠰ ᠭᠠᠵᠠᠷ ᠤᠨ ᠡᠬᠢ ᠪᠠᠶᠠᠯᠢᠭ ᠲᠤ ᠣᠨᠣᠪᠴᠢᠲᠠᠶ ᠵᠠᠳᠠᠯᠤᠯᠲᠠ ᠬᠢᠬᠦ ᠳᠤ ᠰᠠᠭᠤᠷᠢᠯᠠᠨ᠂  ᠴᠠᠩ ᠬᠠᠨ ᠲᠣᠰᠬᠤᠨ ᠠᠷᠢᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠯᠲᠠ ᠪᠠᠨ ᠠᠷᠢᠬᠢ ᠨᠡᠷᠡᠬᠦ ᠠᠵᠢᠯ ᠲᠥᠷᠥᠯ ᠳᠤ ᠲᠣᠭᠲᠠᠭᠠᠵᠠᠶ᠃ ᠣᠯᠠᠨ ᠲᠠᠯ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ᠂ ᠭᠠᠳᠠᠷ ᠣᠷᠣᠨ ᠤ ᠪᠣᠳᠠᠲᠤ ᠬᠦᠴᠦᠨ ᠲᠠᠢ ᠠᠷᠢᠯᠵᠢᠶᠠᠴᠢᠨ ᠡᠷᠦᠬᠡ ᠲᠠᠢ ᠢᠳᠡᠪᠬᠢᠲᠡᠶ ᠪᠠᠷ ᠵᠣᠯᠭᠠᠭᠤᠯᠤᠨ ᠵᠥᠪᠳᠡᠯᠴᠡᠪᠡ᠃ ᠵᠥᠪᠯᠡᠬᠦ ᠶᠠᠪᠤᠴᠠ ᠳᠤ᠂ ᠲᠣᠰᠬᠤᠨ ᠤ ᠨᠠᠮ ᠤᠨ ᠡᠭᠦᠷ ᠠᠴᠠ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠵᠢᠴᠢ ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠬᠢᠯᠡᠬᠦ ᠡᠵᠡᠩᠨᠡᠯᠲᠡ ᠶᠢᠨ ᠵᠠᠭᠪᠤᠷ ᠢ ᠨᠠᠷᠢᠨ ᠲᠠᠨᠢᠯᠴᠠᠭᠤᠯᠵᠤ᠂ ᠬᠦᠴᠦᠷᠬᠡᠭ ᠶᠡᠭᠡ ᠬᠥᠭᠵᠢᠯᠲᠡ ᠶᠢᠨ ᠵᠣᠷᠢᠭ ᠪᠠ ᠦᠨᠡᠨᠴᠢ ᠰᠡᠳᠬᠢᠯᠭᠡ ᠶᠢ ᠢᠯᠡᠷᠡᠭᠦᠯᠪᠡ᠃ ᠣᠯᠠᠨ ᠡᠭᠡᠯᠵᠢ ᠶᠢᠨ ᠨᠡᠪᠲᠡᠷᠡᠯᠴᠡᠭᠡ ᠪᠠ ᠲᠤᠬᠠᠶ ᠶᠢᠨ ᠭᠠᠵᠠᠷ ᠤᠨ ᠪᠠᠶᠢᠴᠠᠭᠠᠯᠲᠠ ᠪᠠᠷ ᠳᠡᠮᠵᠢᠨ᠂ ᠭᠠᠳᠠᠷ ᠣᠷᠣᠨ ᠤ ᠨᠢᠭᠡᠨ ᠪᠣᠳᠠᠲᠤ ᠬᠦᠴᠦᠨ ᠲᠠᠢ ᠠᠷᠢᠯᠵᠢᠶᠠᠴᠢᠨ ᠴᠠᠩ ᠬᠠᠨ ᠲᠣᠰᠬᠤᠨ ᠤ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠪᠠ ᠬᠥᠭᠵᠢᠯᠲᠡ ᠶᠢᠨ ᠳᠠᠯᠳᠠ ᠬᠦᠴᠦᠨ ᠢ ᠳᠡᠭᠡᠳᠦ ᠬᠡᠮᠵᠢᠶ᠎ᠡ ᠪᠠᠷ  ᠦᠨᠡᠯᠡᠵᠦ᠂ ᠬᠤᠶᠠᠷ ᠲᠠᠯ᠎ᠠ ᠪᠠᠷ ᠢᠶᠠᠨ 300 ᠲᠦᠮᠡᠨ ᠲᠥᠭᠦᠷᠢᠭ ᠤᠨ ᠪᠠᠯᠠ ᠣᠷᠣᠭᠤᠯᠵᠤ ᠠᠷᠢᠬᠢᠨ ᠤ ᠦᠢᠯᠡᠳᠪᠦᠷᠢ ᠪᠠᠶᠢᠭᠤᠯᠬᠤ ᠶᠠᠪᠤᠳᠠᠯ ᠤᠨ ᠲᠤᠬᠠᠶ ᠠᠩᠬ᠎ᠠ ᠠᠯᠬᠤᠮ ᠤᠨ ᠰᠠᠨᠠᠮᠵᠢ ᠲᠣᠭᠲᠠᠪᠠ᠃     ᠲᠦᠷᠦᠯ ᠵᠦᠢᠯ ᠤᠨ ᠲᠦᠯᠦᠪᠵᠢᠭᠦᠯᠭᠡ ᠨᠢ ᠠᠵᠤ ᠦᠢᠯᠡᠰ ᠤᠨ ᠬᠦᠭᠵᠢᠯᠲᠡ ᠶᠢᠨ ᠵᠢᠷᠤᠭ ᠲᠦᠰᠦᠪ ᠢ  ᠵᠢᠷᠤᠭᠯᠠᠪᠠ    ᠠᠩᠬ᠎ᠠ ᠠᠯᠬᠤᠮ ᠤᠨ ᠲᠥᠯᠥᠪᠵᠢᠭᠦᠯᠭᠡ ᠶᠢ ᠦᠨᠳᠦᠰᠦᠯᠡᠪᠡᠯ᠂ ᠲᠤᠰ ᠠᠷᠢᠬᠢᠨ ᠦᠢᠯᠡᠳᠪᠦᠷᠢ ᠶᠢᠨ ᠲᠥᠷᠥᠯ ᠵᠦᠢᠯ ᠢ ᠱᠠᠲᠤ ᠬᠤᠪᠢᠶᠠᠨ ᠬᠡᠷᠡᠭᠵᠢᠭᠦᠯᠦᠨ᠎ᠡ᠃ ᠨᠢᠭᠡᠳᠦᠭᠡᠷ ᠱᠠᠲᠤᠨ ᠳᠤ᠂ 150 ᠲᠦᠮᠡᠨ ᠲᠥᠭᠦᠷᠢᠭ ᠤᠨ ᠪᠡᠯᠡ ᠣᠷᠣᠭᠤᠯᠵᠤ ᠲᠡᠷᠢᠭᠦᠨ ᠤ ᠠᠷᠢᠬᠢ ᠨᠡᠷᠡᠬᠦ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠵᠦ᠂ ᠪᠠᠷᠢᠮᠵᠢᠶᠠᠵᠢᠭᠰᠠᠨ ᠠᠷᠢᠬᠢ ᠨᠡᠷᠡᠬᠦ ᠲᠠᠰᠤᠭ ᠪᠠ ᠲᠦᠭᠦᠬᠡᠶ ᠮᠠᠲ᠋ᠧᠷᠢᠶᠠᠯ ᠬᠠᠳᠠᠭᠠᠯᠠᠬᠤ ᠬᠥᠮᠥᠷᠭᠡ ᠪᠠᠶᠢᠭᠤᠯᠤᠨ᠎ᠠ᠃ ᠲᠣᠰ ᠭᠠᠵᠠᠷ ᠤᠨ ᠡᠯᠪᠡᠭ ᠪᠠᠶᠠᠯᠢᠭ ᠴᠢᠨᠠᠷ ᠰᠠᠶᠢᠲᠠᠶ ᠠᠮᠤ ᠪᠤᠳᠠᠭ᠎ᠠ ᠶᠢ ᠠᠰᠢᠭᠯᠠᠨ᠂ ᠤᠯᠠᠮᠵᠢᠯᠠᠯᠲᠤ ᠭᠠᠷ ᠤᠷᠠᠯᠠᠯ ᠬᠢᠭᠡᠳ ᠣᠲᠣ ᠦᠶ᠎ᠡ ᠶᠢᠨ ᠮᠡᠷᠭᠡᠵᠢᠯ ᠢ ᠤᠶᠠᠯᠳᠤᠭᠤᠯᠬᠤ ᠠᠷᠭ᠎ᠠ ᠮᠠᠶ᠋ᠢᠭ  ᠢᠶᠠᠷ᠂ ᠴᠢᠨᠠᠷ ᠰᠠᠶᠢᠲᠠᠶ ᠬᠠᠷ᠎ᠠ ᠠᠷᠢᠬᠢ ᠨᠡᠷᠡᠨ᠎ᠡ᠃ ᠬᠤᠶᠠᠳᠤᠭᠠᠷ ᠱᠠᠲᠤᠨ ᠳᠤ᠂ ᠳᠠᠬᠢᠨ 150 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠠᠷᠢᠬᠢᠨ ᠤ ᠪᠦᠲᠦᠭᠡᠭᠳᠡᠬᠦᠨ ᠤ ᠦᠵᠡᠭᠦᠯᠦᠯᠭᠡ ᠶᠢᠨ ᠲᠢᠩᠬᠢᠮ᠂ ᠪᠣᠭᠤᠳᠠᠯᠯᠠᠬᠤ ᠲᠠᠰᠤᠭ ᠪᠠ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠥᠪ ᠢ ᠪᠥᠲᠥᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠦᠢᠯᠡᠳᠬᠦᠨ ᠤ ᠨᠡᠮᠡᠯᠲᠡ ᠥᠷᠲᠡᠭ ᠢ ᠲᠡᠭᠡᠭᠰᠢᠬᠦᠯᠦᠨ᠎ᠡ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠳᠤ ᠨᠡᠯᠢᠶᠡᠳ ᠰᠠᠶᠢᠨ ᠠᠰᠢᠭ ᠣᠷᠣᠯᠭ᠎ᠠ ᠣᠯᠭᠤᠬᠤ ᠪᠠᠷ ᠪᠠᠷᠠᠬᠤ ᠥᠬᠡᠶ ᠪᠠᠰᠠ ᠲᠣᠰᠬᠤᠨ ᠳᠤ ᠣᠯᠠᠨ ᠠᠵᠢᠯ ᠤᠨ ᠪᠠᠶᠢᠷᠢ ᠬᠠᠩᠭᠠᠵᠤ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠣᠯᠤᠨ᠎ᠠ᠃      ᠢᠷᠡᠭᠡᠳᠦᠢ ᠶᠢ ᠪᠠᠷᠠᠯᠠᠨ᠂ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ ᠳᠤ ᠬᠦᠴᠦᠨ  ᠨᠡᠮᠡᠷᠢᠯᠡᠪᠡ     ᠲᠣᠰ ᠤᠳᠠᠭᠠᠨ ᠤ ᠠᠷᠢᠬᠢᠨ ᠤ ᠦᠢᠯᠡᠳᠪᠦᠷᠢ ᠶᠢᠨ ᠲᠥᠷᠥᠯ ᠵᠦᠢᠯ ᠤᠨ ᠠᠩᠬ᠎ᠠ ᠠᠯᠬᠤᠮ ᠤᠨ ᠰᠠᠨᠠᠮᠵᠢ ᠶᠢᠨ ᠭᠡᠷ᠎ᠡ ᠲᠣᠭᠲᠠᠭᠰᠠᠨ ᠶᠠᠪᠤᠳᠠᠯ ᠪᠣᠯ  ᠴᠠᠩ ᠬᠠᠨ  ᠲᠣᠰᠬᠤᠨ ᠤ ᠨᠠᠮ ᠤᠨ ᠡᠭᠦᠷ ᠤᠨ ᠬᠦᠷᠰᠢ ᠵᠡᠷᠭᠡᠯᠡᠳᠡᠭᠡ ᠬᠤᠷᠰᠢᠶ᠎ᠠ ᠪᠠᠨ ᠬᠦᠳᠦᠯᠦᠨ ᠲᠠᠭᠠᠭᠤᠯᠵᠤ ᠠᠷᠢᠯᠵᠢᠶᠠᠴᠢᠨ ᠤᠷᠢᠵᠤ ᠪᠠᠯᠠ ᠣᠷᠣᠭᠤᠯᠬᠤ ᠶᠢᠨ ᠴᠢᠬᠤᠯᠠ ᠦᠷ᠎ᠡ ᠪᠦᠲᠦᠭᠡᠯ ᠪᠣᠯᠤᠨ᠎ᠠ᠃ ᠵᠠᠯᠭᠠᠭᠠᠳ᠂ ᠲᠣᠰᠬᠤᠨ ᠤ ᠨᠠᠮ ᠤᠨ ᠡᠭᠦᠷ ᠪᠡᠯᠡ ᠣᠷᠣᠭᠤᠯᠤᠯᠲᠠ ᠶᠢᠨ ᠲᠠᠯ᠎ᠠ ᠲᠠᠢ ᠨᠢᠭᠲᠠ ᠬᠠᠮᠲᠤᠷᠠᠯᠴᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠡᠭᠦᠨ ᠤ ᠬᠠᠮᠲᠤ᠂ ᠠᠷᠢᠬᠢᠨ ᠤ ᠦᠢᠯᠡᠳᠪᠦᠷᠢ ᠶᠢᠨ ᠲᠥᠷᠥᠯ ᠵᠦᠢᠯ ᠢᠶᠠᠷ ᠠᠵᠠ ᠲᠣᠬᠢᠶᠠᠯ ᠪᠣᠯᠭᠠᠵᠤ᠂ ᠲᠣᠰ ᠭᠠᠵᠠᠷ ᠤᠨ ᠣᠨᠴᠠᠯᠢᠭᠲᠤ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠵᠤ᠂ ᠬᠥᠳᠡᠭᠡ ᠲᠣᠰᠬᠤᠨ ᠤ ᠵᠢᠭᠤᠯᠴᠢᠯᠠᠯ᠂ ᠰᠣᠶᠣᠯ ᠢ ᠣᠶᠢᠯᠠᠭᠠᠬᠤ ᠵᠡᠷᠭᠡ ᠬᠠᠮᠢᠶ᠎ᠠ ᠪᠦᠬᠦᠢ ᠠᠵᠤ ᠦᠢᠯᠡᠰ ᠢ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠃ ᠲᠣᠰᠬᠤᠨ ᠤ ᠨᠠᠮ ᠤᠨ ᠡᠭᠦᠷ ᠤᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠪᠦᠬᠦ ᠲᠣᠰᠬᠤᠨ ᠤ ᠠᠷᠠᠳ ᠤᠨ ᠬᠠᠮᠲᠤ ᠶᠢᠨ ᠴᠢᠷᠮᠠᠶᠢᠯᠭ᠎ᠠ ᠪᠠᠷ᠂  ᠴᠠᠩ ᠬᠠᠨ ᠲᠣᠰᠬᠤᠨ ᠨᠡᠩ ᠰᠠᠶᠢᠨ ᠰᠠᠶᠢᠬᠠᠨ ᠢᠷᠡᠭᠡᠳᠦᠢ ᠶᠢ ᠤᠭᠲᠤᠨ ᠠᠪᠴᠢᠷᠠᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠪᠡᠶᠡᠯᠡᠭᠦᠯᠬᠦ ᠶᠢ ᠢᠲᠡᠭᠡᠵᠦ ᠪᠠᠶᠢᠨ᠎ᠠ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号