ᠪᠤᠯᠤᠩ ᠨᠡᠭᠡᠭᠡᠬᠦ ᠦᠭᠡ | ︽ᠨᠡᠪᠲᠡ ᠦᠵᠡᠬᠦ︾ ᠪᠣᠯ᠂ ᠨᠢᠭᠡ ᠵᠦᠢᠯ ᠤᠨ ᠲᠩᠷᠢ ᠭᠠᠵᠠᠷ ᠢ ᠡᠪᠦᠷᠯᠡᠭᠰᠡᠨ ᠥᠷᠭᠡᠨ ᠠᠭᠤᠳᠠᠮ | ᠬᠠᠷᠠᠭᠠᠰᠤ ᠮᠥᠨ᠂ ᠲᠡᠷᠡ ᠨᠢ ᠪᠢᠳᠡᠨ ᠢ ᠬᠡᠰᠡᠭ ᠲᠠᠯ᠎ᠠ ᠶᠢᠨ ᠬᠠᠷᠠᠭ᠎ᠠ ᠠᠴᠠ ᠮᠤᠯᠲᠤᠷᠠᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠶᠡᠭᠡ ᠪᠠᠶᠢᠷᠢᠰᠢᠯ ᠤᠨ ᠳᠡᠭᠡᠷ᠎ᠡ ᠵᠣᠭᠰᠣᠵᠤ᠂ ᠬᠡᠷᠡᠭ ᠶᠠᠪᠤᠳᠠᠯ᠂ | ᠦᠵᠡᠭᠳᠡᠯ ᠢ ᠬᠢᠨᠠᠨ ᠦᠵᠡᠬᠦ ᠬᠡᠷᠡᠭᠲᠡᠢ ᠭᠡᠵᠦ ᠱᠠᠭᠠᠷᠳᠠᠪᠠ᠃ | ︽ᠨᠡᠪᠲᠡ ᠦᠵᠡᠬᠦ︾ ᠭᠡᠳᠡᠭ ᠨᠢ᠂ ᠮᠥᠨ ᠴᠦ ᠨᠢᠭᠡ ᠵᠦᠢᠯ ᠤᠨ ᠨᠠᠷᠢᠨ ᠠᠵᠢᠭᠯᠠᠯᠲᠠ ᠪᠠᠷ᠂ ᠨᠠᠷᠢᠨ ᠵᠦᠢᠯ | ᠢ ᠬᠤᠷᠴᠠ ᠭᠢᠷᠠᠬᠠᠢ ᠬᠠᠷᠠᠴᠠ ᠪᠠᠷ ᠣᠯᠵᠤ᠂ ᠣᠶᠤᠨ ᠤ ᠰᠡᠳᠬᠢᠨ ᠪᠣᠳᠣᠯᠬᠢᠯᠠᠯ ᠢᠶᠠᠷ ᠮᠥᠨ ᠴᠢᠨᠠᠷ ᠢ ᠵᠠᠳᠠᠯᠤᠨ | ᠰᠢᠨᠵᠢᠯᠡᠵᠦ᠂ ᠠᠮᠠᠷᠬᠠᠨ ᠣᠮᠲᠣᠭᠠᠶᠢᠯᠠᠭᠳᠠᠬᠤ ᠪᠣᠯᠪᠠᠴᠤ ᠲᠤᠶᠢᠯ ᠤᠨ ᠴᠢᠬᠤᠯᠠ ᠠᠭᠤᠯᠬᠤᠨ ᠢ ᠠᠭᠤᠳᠠᠯᠤᠨ | ᠢᠯᠡᠷᠡᠭᠦᠯᠬᠦ ᠶᠢᠨ ᠲᠥᠯᠥᠭᠡ ᠶᠤᠮ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠴᠠᠭ ᠤᠨ ᠪᠠᠶᠢᠳᠠᠯ ᠤᠨ ᠦᠨᠡᠯᠡᠯᠲᠡ ᠶᠢᠨ ᠲᠤᠰᠬᠠᠢ ᠪᠤᠯᠤᠩ ᠭᠠᠷᠭᠠᠵᠤ᠂ ᠶᠡᠭᠡ ᠬᠠᠨᠳᠤᠰᠢ ᠶᠢ | ᠠᠵᠢᠭᠯᠠᠨ᠂ ᠢᠷᠡᠭᠡᠳᠦᠢ ᠶᠢ ᠪᠠᠷᠠᠯᠠᠨ᠂ ᠪᠢᠳᠡ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠪᠣᠯᠤᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠤᠨ ᠬᠤᠭᠤᠰᠣᠨ ᠠᠴᠠ᠂ ᠣᠳᠣᠬᠠᠨ ᠤ ᠰᠢᠨ᠎ᠡ ᠡᠨᠧᠷᠭᠢ ᠶᠢ | ᠲᠣᠣᠷ ᠲᠤ ᠨᠡᠶᠢᠯᠡᠭᠦᠯᠦᠭᠰᠡᠨ ᠬᠡᠪᠴᠢᠶ᠎ᠡ 551.1 ᠲᠦᠮᠡᠨ ᠺᠢᠯᠣᠸᠠᠲ ᠲᠤ ᠬᠦᠷᠴᠦ᠂ ᠪᠠᠶᠢᠭᠤᠯᠵᠤ ᠪᠠᠶᠢᠭ᠎ᠠ ᠪᠠ | ᠪᠠᠶᠢᠭᠤᠯᠬᠤ ᠪᠠᠷ ᠪᠠᠶᠢᠭ᠎ᠠ ᠬᠡᠪᠴᠢᠶ᠎ᠡ 1115.561 ᠲᠦᠮᠡᠨ ᠺᠢᠯᠣᠸᠠᠲ ᠲᠤ ᠬᠦᠷᠬᠦ ᠳᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ 20 ᠵᠢᠯ ᠤᠨ ᠬᠤᠭᠤᠴᠠᠭ᠎ᠠ ᠶᠢ ᠠᠰᠢᠭᠯᠠᠵᠤ᠂ ᠡᠬᠢ ᠪᠠᠶᠠᠯᠢᠭ ᠤᠨ ᠳᠠᠪᠠᠭᠤᠯᠢᠭ ᠲᠤ | ᠰᠠᠭᠤᠷᠢᠯᠠᠵᠤ᠂ ᠰᠠᠯᠬᠢ ᠭᠡᠷᠡᠯ ᠤᠨ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ | ᠮᠢᠩᠭᠠᠨ ᠲᠦᠮᠡᠨ ᠺᠢᠯᠣᠸᠠᠲ ᠲᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠨᠢᠭᠡᠨᠲᠡ ᠬᠡᠪᠰᠢᠭᠰᠡᠨ ᠪᠠᠶᠢᠨ᠎ᠠ᠃ | 2004 ᠣᠨ ᠳᠤ ᠪᠤᠴᠠᠪᠠᠯ᠂ ︽ᠰᠠᠷᠰ︾ ᠤᠨ ᠬᠢᠵᠢᠭ ᠤᠨ ᠪᠠᠶᠢᠳᠠᠯ ᠨᠢ ᠰᠠᠶ᠋ᠢᠬᠠᠨ ᠳᠤᠮᠳᠠᠳᠤ ᠤᠯᠤᠰ ᠤᠨ | ᠡᠬᠡ ᠭᠠᠵᠠᠷ ᠠᠴᠠ ᠤᠷᠤᠰᠤᠨ ᠥᠩᠭᠡᠷᠡᠵᠦ᠂ ᠠᠵᠤ ᠠᠬᠤᠶ ᠶᠢᠨ ᠬᠥᠭᠵᠢᠯᠲᠡ ᠶᠢ ᠰᠡᠷᠭᠦᠭᠡᠬᠦ ᠨᠢ ᠳᠠᠷᠤᠢ | ᠭᠦᠢᠴᠡᠳᠬᠡᠬᠦ ᠪᠠᠴᠢᠮ ᠡᠭᠦᠷᠭᠡ ᠪᠣᠯᠵᠤ᠂ ᠴᠠᠬᠢᠯᠭᠠᠨ ᠬᠦᠴᠦᠨ ᠤ ᠡᠬᠢ ᠪᠠᠶᠠᠯᠢᠭ ᠤᠨ ᠳᠤᠲᠠᠭᠳᠠᠯ ᠨᠢ ᠠᠵᠤ | ᠠᠬᠤᠶ ᠶᠢᠨ ᠬᠥᠭᠵᠢᠯᠲᠡ ᠶᠢᠨ ᠳᠤᠮᠳᠠᠬᠢ ᠬᠠᠷᠰᠢᠯᠠᠯ ᠪᠣᠯᠵᠤ᠂ ᠬᠠᠭᠠᠯᠲᠠ ᠶᠢ ᠬᠠᠭᠠᠵᠤ ᠴᠠᠬᠢᠯᠭᠠᠨ ᠢ | ᠬᠢᠵᠠᠭᠠᠷᠯᠠᠬᠤ ᠨᠢ ᠮᠠᠰᠢ ᠣᠯᠠᠨ ᠠᠵᠤ ᠠᠬᠤᠶ ᠬᠥᠭᠵᠢᠭᠰᠡᠨ ᠮᠤᠵᠢ ᠶᠢᠨ ᠬᠡᠪ ᠤᠨ ᠪᠠᠶᠢᠳᠠᠯ ᠪᠣᠯᠵᠠᠶ᠃ ᠲᠤᠬᠠᠢ ᠶᠢᠨ | ᠦᠶ᠎ᠡ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠨᠢ ᠬᠤᠷᠴᠠ ᠰᠦᠷ ᠢᠶᠠᠨ ᠠᠩᠬ᠎ᠠ ᠦᠵᠡᠭᠦᠯᠵᠦ᠂ | ᠪᠦᠬᠦ ᠵᠢᠯ ᠳᠤ ᠰᠢᠨ᠎ᠡ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠵᠥᠪᠬᠡᠨ 5055 | ᠲᠦᠮᠡᠨ ᠺᠢᠯᠣᠸᠠᠲ ᠪᠠᠶᠢᠪᠠ᠃ ᠮᠦᠨ ᠡᠨᠡ ᠨᠢᠭᠡ ᠵᠢᠯ ᠳᠤ᠂ ᠪᠤᠭᠤᠲᠤ ᠶᠢᠨ ᠬᠠᠮᠤᠭ ᠤᠨ ᠬᠤᠶᠢᠲᠤ ᠬᠡᠰᠡᠭ ᠲᠤ | ᠪᠠᠶᠢᠷᠢᠯᠠᠳᠠᠭ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠠᠯᠬᠢᠨ ᠡᠨᠧᠷᠭᠢ᠂ ᠨᠡᠷᠡᠨ ᠤ ᠡᠨᠧᠷᠭᠢ ᠶᠢᠨ | ᠳᠠᠪᠠᠭᠤᠯᠢᠭ ᠲᠤ ᠲᠦᠰᠢᠭᠯᠡᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠶᠢ | ᠲᠥᠯᠥᠪᠵᠢᠭᠦᠯᠦᠨ ᠡᠬᠢᠯᠡᠭᠦᠯᠵᠦ᠂ ᠤᠷᠢᠳ ᠬᠤᠵᠢᠳ ᠬᠤᠸᠠ ᠨᠧᠩ᠂ ᠭᠦᠸᠧ ᠳ᠋ᠢᠶᠠᠨ ᠯᠦᠩ ᠶᠤᠸᠠᠨ᠂ | ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ᠂ ᠬᠤᠸᠠ ᠳ᠋ᠢᠶᠠᠨ᠂ ᠮᠧᠩ ᠨᠧᠩ ᠵᠡᠷᠭᠡ ᠤᠯᠤᠰ ᠤᠨ | ᠳᠣᠲᠣᠭᠠᠳᠤ ᠭᠠᠳᠠᠭᠠᠳᠤ ᠶᠢᠨ 30 ᠭᠠᠷᠤᠶ ᠠᠵᠤ ᠠᠬᠤᠶᠢᠯᠠᠯ ᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠳᠤ ᠣᠷᠣᠭᠤᠯᠤᠨ ᠠᠪᠴᠢᠷᠠᠵᠤ ᠰᠠᠯᠬᠢ ᠭᠡᠷᠡᠯ ᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ | ᠬᠥᠭᠵᠢᠭᠦᠯᠪᠡ᠃ | 2024 ᠣᠨ ᠪᠣᠯᠬᠤ ᠳᠤ᠂ ᠪᠥᠬᠦ ᠬᠤᠰᠢᠭᠤᠨ ᠤ ᠰᠢᠨ᠎ᠡ ᠡᠨᠧᠷᠭᠢ ᠶᠢ ᠲᠣᠤᠷ ᠲᠤ ᠨᠡᠶᠢᠯᠡᠭᠦᠯᠦᠭᠰᠡᠨ | ᠬᠡᠪᠴᠢᠶ᠎ᠡ 458 ᠲᠦᠮᠡᠨ ᠺᠢᠯᠣᠸᠠᠲ ᠲᠤ ᠬᠦᠷᠴᠦ᠂ ᠪᠠᠶᠢᠭᠤᠯᠵᠤ ᠪᠠᠶᠢᠭ᠎ᠠ ᠪᠠ ᠪᠠᠶᠢᠭᠤᠯᠬᠤ ᠪᠠᠷ ᠪᠠᠶᠢᠭ᠎ᠠ ᠬᠡᠪᠴᠢᠶ᠎ᠡ | 1069 ᠲᠦᠮᠡᠨ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢ ᠲᠣᠤᠷ ᠲᠤ ᠨᠡᠶᠢᠯᠡᠭᠦᠯᠦᠭᠰᠡᠨ ᠬᠡᠪᠴᠢᠶ᠎ᠡ ᠪᠥᠬᠦ | ᠬᠤᠲᠠ ᠶᠢᠨ ᠬᠡᠪᠴᠢᠶ᠎ᠡ ᠶᠢᠨ ᠬᠠᠭᠠᠰ ᠠᠴᠠ ᠳᠡᠭᠡᠭᠰᠢᠬᠢ ᠶᠢ ᠡᠵᠡᠯᠡᠪᠡ᠃ 20 ᠵᠢᠯ ᠤᠨ ᠬᠤᠭᠤᠴᠠᠭᠠᠨ ᠳᠤ᠂ ᠰᠢᠨ᠎ᠡ | ᠡᠨᠧᠷᠭᠢ ᠶᠢᠨ ᠠᠵᠤ ᠦᠢᠯᠡᠰ ᠦᠭᠡᠢ ᠪᠠᠶᠢᠭᠰᠠᠨ ᠠᠴᠠ ᠪᠠᠨ ᠪᠠᠶᠢᠬᠤ ᠪᠤᠯᠵᠤ᠂ ᠪᠠᠭ᠎ᠠ ᠠᠴᠠ ᠪᠠᠨ ᠶᠡᠭᠡ ᠪᠤᠯᠵᠤ᠂ | ᠪᠠᠭᠤᠷᠠᠢ ᠠᠴᠠ ᠪᠠᠨ ᠬᠦᠴᠦᠷᠬᠡᠭ ᠪᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠠᠷᠠᠯᠲᠠ ᠪᠠᠨ ᠪᠠᠲᠤ | ᠰᠠᠬᠢᠵᠤ ᠪᠣᠳᠠᠲᠠᠢ ᠠᠵᠢᠯᠯᠠᠵᠤ᠂ ᠨᠢᠭᠡ ᠵᠢᠷᠤᠭ ᠲᠥᠰᠦᠪ ᠢ ᠡᠴᠦᠰ ᠲᠤ ᠨᠢ ᠲᠤᠯᠲᠠᠯ᠎ᠠ ᠵᠢᠷᠤᠭᠯᠠᠵᠤ᠂ ᠴᠢᠨᠠᠷ | ᠰᠠᠶᠢᠲᠠᠢ ᠬᠥᠭᠵᠢᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠶᠢᠳᠠ ᠰᠠᠶᠢᠬᠠᠨ ᠬᠠᠷᠢᠭᠤᠯᠲᠠ ᠶᠢᠨ | ᠬᠠᠭᠤᠳᠠᠰᠤ ᠶᠢ ᠴᠢᠷᠮᠠᠶᠢᠨ ᠪᠢᠴᠢᠭᠯᠡᠪᠡ᠃ ᠥᠩᠭᠡᠷᠡᠭᠰᠡᠨ ᠤ ᠬᠥᠭᠵᠢᠯᠲᠡ ᠬᠤᠴᠣᠷᠤᠩᠭᠤᠢ ᠬᠢᠯᠢ ᠬᠢᠵᠠᠭᠠᠷ ᠤᠨ | ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠦᠵᠡᠬᠦ ᠳᠤ | ᠪᠣᠯᠤᠯᠴᠠᠭ᠎ᠠ ᠦᠭᠡᠢ ᠶᠢ ᠬᠡᠷᠬᠢᠨ ᠪᠣᠯᠣᠯᠴᠠᠭ᠎ᠠ ᠲᠠᠢ ᠪᠣᠯᠭᠠᠭᠰᠠᠨ ᠪᠤᠢ︖ | ᠨᠢᠭᠡ ᠳᠤ ᠲᠤᠰ ᠪᠡᠶ᠎ᠡ ᠶᠢᠨ ᠡᠯᠳᠡᠪ ᠬᠤᠶᠠᠷ ᠢᠶᠠᠷ ᠪᠠᠶᠠᠯᠢᠭ ᠤᠨ ᠤᠤᠯ ᠪᠠᠶᠢᠳᠠᠯ ᠳᠤ ᠰᠡᠷᠭᠡᠭ ᠲᠠᠨᠢᠯᠲᠠ ᠲᠠᠢ᠂ | ᠥᠪᠡᠷᠲᠡᠭᠡᠨ ᠵᠠᠰᠠᠬᠤ ᠣᠷᠣᠨ ᠤ 20 ᠬᠢᠯᠢ ᠶᠢᠨ ᠬᠤᠰᠢᠭᠤ ᠰᠢᠶᠠᠨ ᠤ ᠨᠢᠭᠡ ᠪᠣᠯᠤᠭᠰᠠᠨ ᠤ ᠬᠤᠪᠢ ᠳᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯᠠᠪᠠᠶ ᠨᠢ ᠪᠤᠭᠤᠲᠤ ᠬᠤᠲᠠ ᠶᠢᠨ ᠭᠤᠷᠪᠠᠨ ᠤ ᠬᠤᠶᠠᠷ ᠢ ᠡᠵᠡᠯᠡᠵᠦ᠂ | ᠪᠥᠬᠦ ᠬᠤᠰᠢᠭᠤᠨ ᠤ ᠶᠡᠷᠦᠩᠬᠡᠶ ᠬᠥᠮᠦᠨ ᠠᠮᠠ ᠨᠢ ᠵᠥᠪᠬᠡᠨ 11 ᠲᠦᠮᠡ ᠭᠠᠷᠤᠶ ᠪᠠᠶᠢᠵᠤ᠂ ᠭᠠᠵᠠᠷ ᠠᠭᠤᠳᠠᠮ | ᠬᠥᠮᠦᠨ ᠰᠡᠶᠢᠷᠡᠭ᠂ ᠠᠵᠤ ᠦᠢᠯᠡᠳᠪᠦᠷᠢ ᠶᠢᠨ ᠪᠠᠶᠢᠷᠢᠯᠠᠭᠤᠯᠤᠯᠲᠠ ᠶᠢᠨ ᠨᠢᠭᠲᠠᠴᠠ ᠪᠠᠭ᠎ᠠ᠂ ᠣᠷᠴᠢᠨ ᠠᠬᠤᠶ ᠶᠢᠨ | ᠪᠠᠭᠲᠠᠭᠠᠮᠵᠢ ᠶᠢᠨ ᠳᠠᠯᠳᠠ ᠬᠦᠴᠦᠨ ᠶᠡᠭᠡ ᠪᠠᠶᠢᠳᠠᠭ᠃ ᠪᠦᠬᠦ ᠬᠤᠰᠢᠭᠤᠨ ᠤ ᠰᠠᠯᠬᠢᠨ ᠡᠨᠧᠷᠭᠢ ᠶᠢᠨ ᠡᠬᠢ | ᠪᠠᠶᠠᠯᠢᠭ ᠤᠨ ᠬᠠᠳᠠᠭᠠᠯᠠᠭᠳᠠᠴᠠ 3181 ᠲᠦᠮᠡᠨ ᠺᠢᠯᠤᠸᠠᠲ᠂ ᠮᠡᠷᠭᠡᠵᠢᠯ ᠤᠨ ᠨᠡᠭᠡᠭᠡᠯᠲᠡ ᠶᠢᠨ ᠬᠡᠮᠵᠢᠶ᠎ᠡ 2497 | ᠲᠦᠮᠡᠨ ᠺᠢᠯᠤᠸᠠᠲ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠠᠯᠬᠢᠨ ᠡᠨᠧᠷᠭᠢ ᠶᠢᠨ ᠡᠬᠢ ᠪᠠᠶᠠᠯᠢᠭ ᠤᠨ | ᠬᠠᠳᠠᠭᠠᠯᠠᠭᠳᠠᠴᠠ ᠶᠢᠨ 15% ᠶᠢ ᠡᠵᠡᠯᠡᠵᠦ᠂ ᠨᠡᠷᠡᠨ ᠤ ᠡᠨᠧᠷᠭᠢ ᠶᠢᠨ ᠵᠢᠯ ᠤᠨ ᠨᠡᠷᠡᠨ ᠤ ᠲᠤᠰᠤᠯᠲᠠ ᠶᠢᠨ | ᠴᠠᠭ ᠤᠨ ᠲᠤᠭ᠎ᠠ ᠶᠢᠨ ᠶᠡᠬᠡᠩᠬᠢ ᠨᠢ 3000 ᠴᠠᠭ ᠠᠴᠠ ᠳᠡᠭᠡᠭᠰᠢ ᠪᠠᠶᠢᠵᠤ᠂ ᠪᠦᠬᠦ ᠤᠯᠤᠰ ᠤᠨ ᠥᠨᠳᠥᠷ | ᠬᠡᠮᠵᠢᠭᠳᠡᠯᠲᠦ ᠭᠠᠵᠠᠷ ᠣᠷᠣᠨ ᠤ ᠨᠢᠭᠡ ᠪᠣᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠠᠯᠬᠢ᠂ | ᠭᠡᠷᠡᠯ ᠤᠨ ᠡᠬᠢ ᠪᠠᠶᠠᠯᠢᠭ ᠤᠨ ᠳᠠᠪᠠᠭᠤᠯᠢᠭ ᠵᠢᠴᠢ ᠭᠠᠵᠠᠷ ᠰᠢᠷᠣᠢ ᠶᠢᠨ ᠳᠠᠪᠠᠭᠤᠯᠢᠭ ᠲᠤ ᠪᠠᠨ ᠦᠨᠳᠦᠰᠦᠯᠡᠨ᠂ | ᠪᠣᠬᠢᠷᠲᠤᠯ ᠦᠭᠡᠢ ᠡᠨᠧᠷᠭᠢ ᠶᠢᠨ ᠬᠥᠭᠵᠢᠯᠲᠡ ᠶᠢᠨ ᠢᠷᠡᠭᠡᠳᠦᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠬᠢ᠂ | ᠭᠡᠷᠡᠯ ᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠰᠢᠨ᠎ᠡ | ᠡᠨᠧᠷᠭᠢ ᠶᠢᠨ ᠬᠦᠴᠦᠷᠬᠡᠭ ᠬᠤᠰᠢᠭᠤ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠭᠰᠠᠨ ᠪᠠᠶᠢᠨ᠎ᠠ᠃ | ᠬᠤᠶᠠᠷ ᠲᠤ ᠤᠯᠤᠰ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠪᠡ᠂ 21 ᠳ᠋ᠦ᠋ᠭᠡᠷ ᠵᠠᠭᠤᠨ ᠤ | ᠡᠬᠢ ᠪᠠᠷ᠂ ᠤᠯᠤᠰ ᠠᠴᠠ ᠰᠢᠨ᠎ᠡ ᠡᠨᠧᠷᠭᠢ ᠶᠢᠨ ᠠᠵᠤ ᠠᠬᠤᠶᠢᠯᠠᠯ ᠳᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ | ᠡᠷᠴᠢᠮ ᠢᠶᠠᠨ ᠴᠢᠩᠭᠠᠷᠠᠭᠤᠯᠤᠭᠰᠠᠨ ᠪᠥᠭᠡᠳ᠂ ᠠᠯᠢ ᠣᠯᠠᠨ ᠵᠣᠷᠢᠭᠵᠢᠭᠤᠯᠤᠯ ᠤᠨ ᠲᠥᠷᠥ ᠶᠢᠨ ᠪᠣᠳᠣᠯᠭ᠎ᠠ ᠶᠢ | ᠲᠣᠭᠲᠠᠭᠠᠭᠰᠠᠨ ᠪᠠᠶᠢᠨ᠎ᠠ᠃ 2010 ᠣᠨ ᠠᠴᠠ ᠬᠤᠶᠢᠰᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠠᠵᠤ | ᠦᠢᠯᠡᠰ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠱᠠᠲᠤᠨ ᠳᠤ ᠣᠷᠣᠵᠤ᠂ ︽ᠪᠣᠬᠢᠷᠲᠤᠯ ᠦᠭᠡᠢ ᠬᠥᠭᠵᠢᠯᠲᠡ᠂ | ᠳᠣᠣᠷ᠎ᠠ ᠨᠡᠭᠦᠷᠡᠰᠦᠲᠥ᠋ᠷᠥᠭᠴᠢᠲᠦ ᠠᠵᠤ ᠠᠬᠤᠢ︾ ᠨᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ | ᠰᠢᠨ᠎ᠡ ᠣᠶᠢᠯᠠᠭᠠᠭᠳᠠᠬᠤᠨ ᠪᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠯᠤᠰ ᠤᠨ ᠲᠦᠷᠦ ᠶᠢᠨ | ᠪᠤᠳᠤᠯᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠬᠤ᠂ | ᠲᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠵᠡᠷᠭᠡ ᠠᠷᠭ᠎ᠠ | ᠬᠡᠯᠪᠡᠷᠢ ᠪᠠᠷ ᠰᠢᠨ᠎ᠡ ᠡᠨᠧᠷᠭᠢ ᠶᠢᠨ ᠠᠵᠤ ᠦᠢᠯᠡᠰ ᠢᠶᠠᠷ ᠭᠤᠣᠯᠯᠠᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ | ᠲᠥᠯᠥᠪ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠭᠤᠷᠪᠠ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ ᠪᠠᠭᠲᠠᠭᠠᠨ ᠰᠢᠩᠭᠡᠭᠡᠬᠦ ᠠᠬᠤᠢ ᠪᠠᠶᠢᠳᠠᠯ ᠢ | ᠲᠠᠰᠤᠷᠠᠯᠲᠠ ᠥᠬᠡᠶ ᠥᠷᠭᠡᠳᠬᠡᠵᠦ᠂ ᠰᠢᠨ᠎ᠡ ᠡᠨᠧᠷᠭᠢ ᠶᠢ ᠲᠣᠤᠷ ᠲᠤ ᠨᠡᠶᠢᠯᠡᠭᠦᠯᠦᠭᠰᠡᠨ ᠵᠢᠴᠢ ᠴᠠᠬᠢᠯᠭᠠᠨ ᠭᠠᠷᠭᠠᠬᠤ | ᠬᠡᠮᠵᠢᠶ᠎ᠡ ᠶᠢᠨ ᠲᠠᠰᠤᠷᠠᠯᠲᠠ ᠥᠬᠡᠶ ᠨᠡᠮᠡᠭᠳᠡᠬᠦ᠂ ᠵᠢᠴᠢ ᠴᠠᠬᠢᠯᠭᠠᠨ ᠬᠦᠴᠦᠨ ᠤ ᠦᠢᠯᠡᠳᠪᠦᠷᠢᠯᠡᠬᠦ ᠴᠢᠳᠠᠪᠤᠷᠢ | ᠦᠯᠡᠭᠦᠳᠡᠵᠦ ᠪᠠᠶᠢᠭ᠎ᠠ ᠶᠡᠭᠡ ᠠᠬᠤᠶ ᠪᠠᠶᠢᠳᠠᠯ ᠨᠢ᠂ ᠳᠣᠤᠷᠠᠳᠤ ᠤᠷᠤᠰᠬᠠᠯ ᠤᠨ ᠪᠠᠭᠲᠠᠭᠠᠨ ᠰᠢᠩᠭᠡᠭᠡᠬᠦ ᠬᠡᠷᠡᠭᠯᠡᠭᠡᠨ ᠤ | ᠠᠬᠤᠢ ᠪᠠᠶᠢᠳᠠᠯ ᠳᠤ ᠨᠠᠩ ᠣᠯᠠᠨ ᠰᠢᠯᠭᠠᠯᠲᠠ ᠳᠤᠷᠠᠳᠪᠠ᠃ 2020 ᠣᠨ ᠠᠴᠠ ᠨᠠᠭᠠᠰᠢ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠴᠠᠬᠢᠯᠭᠠᠨ ᠲᠣᠣᠷ ᠤᠨ ᠲᠠᠯ᠎ᠠ ᠪᠣᠯᠤᠨ ᠴᠠᠬᠢᠯᠭᠠᠨ ᠡᠭᠦᠰᠭᠡᠭᠴᠢ ᠶᠢᠨ ᠲᠠᠯ᠎ᠠ ᠶᠢᠨ ᠰᠢᠨ᠎ᠡ | ᠬᠡᠯᠪᠡᠷᠢ ᠶᠢᠨ ᠡᠨᠧᠷᠭᠢ ᠬᠠᠳᠠᠭᠠᠯᠠᠬᠤ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ | ᠂ ︽ᠰᠢᠨ᠎ᠡ ᠡᠨᠧᠷᠭᠢ + ᠡᠨᠧᠷᠭᠢ ᠬᠠᠳᠠᠭᠠᠯᠠᠬᠤ︾ ᠪᠦᠳᠦᠭᠡᠨ ᠪᠠᠶᠢᠭᠤᠯᠤᠯᠲᠠ ᠶᠢᠨ ᠬᠡᠪ ᠵᠠᠭᠪᠤᠷ ᠢ ᠳᠡᠯᠭᠡᠷᠡᠭᠦᠯᠵᠦ᠂ | ᠤᠷᠢᠳ ᠬᠤᠵᠢᠳ ᠪᠦᠬᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠲᠠᠯ᠎ᠠ ᠶᠢᠨ 10 ᠰᠠᠶ᠎ᠠ ᠸᠠᠲ ᠤᠨ | ᠲᠡᠰ ᠤᠨ ᠱᠠᠲᠤᠯᠢᠭ ᠬᠥᠳᠡᠯᠭᠡᠬᠦ ᠬᠦᠴᠦᠨ ᠤ ᠳ᠋ᠢᠶᠠᠨ ᡂᠢ ᠶᠢ ᠠᠰᠢᠭᠯᠠᠬᠤ ᠬᠡᠪᠴᠢᠶᠡᠵᠢᠭᠰᠡᠨ ᠡᠨᠧᠷᠭᠢ ᠬᠠᠳᠠᠭᠠᠯᠠᠬᠤ | ᠦᠷᠳᠡᠭᠡ᠂ ᠪᠤᠭᠤᠲᠤ ᠶᠢᠨ ᠪᠠᠢ ᠯᠢᠩ 30 ᠲᠦᠮᠡᠨ ᠺᠢᠯᠣᠸᠠᠲ / 120 ᠲᠦᠮᠡᠨ ᠺᠢᠯᠣᠸᠠᠲ ᠴᠠᠭ ᠤᠨ ᠴᠠᠬᠢᠯᠭᠠᠨ | ᠲᠣᠣᠷ ᠤᠨ ᠲᠠᠯ᠎ᠠ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠵᠡᠭᠦᠨ᠂ ᠳᠤᠮᠳᠠ᠂ | ᠪᠠᠷᠠᠭᠤᠨ ᠬᠡᠰᠡᠭ ᠤᠨ ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠲᠣᠣᠷ ᠤᠨ ᠲᠠᠯ᠎ᠠ ᠶᠢᠨ | ᠲᠤᠰᠠᠭᠠᠷ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠲᠦᠷᠦᠯ ᠵᠦᠢᠯ ᠢᠶᠠᠷ | ᠵᠥᠪᠰᠢᠶᠡᠷᠡᠭᠳᠡᠵᠦ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢ ᠪᠠᠭᠲᠠᠭᠠᠨ ᠰᠢᠩᠭᠡᠭᠡᠬᠦ ᠳᠤ ᠴᠢᠬᠤᠯᠠ ᠠᠬᠤᠢ | ᠪᠠᠶᠢᠳᠠᠯ ᠬᠠᠩᠭᠠᠪᠠ᠃ 2022 ᠣᠨ ᠳᠤ᠂ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ᠂ ᠪᠤᠭᠤᠲᠤ | ᠬᠤᠲᠠ ᠶᠢᠨ ᠴᠣᠷᠢ ᠶᠢᠨ ᠭᠠᠭᠴᠠ ᠲᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ — ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠲᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠲᠥᠷᠥᠯ | ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠂ ᠡᠨᠡ ᠪᠣᠯ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠠ ᠲᠣᠬᠢᠶᠠᠯ ᠢ ᠵᠠᠪᠳᠤᠨ ᠠᠳᠬᠤᠬᠤ ᠴᠢᠬᠤᠯᠠ ᠨᠢᠭᠡ ᠠᠯᠬᠤᠮ ᠪᠠᠶᠢᠵᠤ᠂ ᠰᠢᠨ᠎ᠡ | ᠡᠨᠧᠷᠭᠢ ᠶᠢᠨ ᠲᠦᠷᠭᠡᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠷᠦᠯᠴᠡᠬᠦ ᠥᠬᠡᠶ ᠠᠰᠠᠭᠤᠳᠠᠯ ᠢ ᠤᠯᠠᠮ ᠨᠢᠭᠡ | ᠠᠯᠬᠤᠮ ᠰᠢᠢᠳᠪᠦᠷᠢᠯᠡᠪᠡ᠃ ᠡᠭᠦᠨ ᠠᠴᠠ ᠭᠠᠳᠠᠨ᠎ᠠ᠂ ᠳᠠᠷᠬᠠᠨ ᠮᠤᠤᠮᠢᠩᠭᠠᠨ ᠬᠤᠰᠢᠭᠤ ᠪᠠᠰᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠵᠤ ᠢᠯᠴᠢ ᠴᠠᠬᠢᠯᠭᠠᠨ ᠢ | ᠠᠮᠢᠳᠤᠯᠢᠭ ᠴᠢᠨᠠᠷᠲᠠᠶ ᠥᠭᠡᠷᠡᠴᠢᠯᠡᠵᠦ ᠰᠢᠩᠭᠡᠭᠡᠬᠦ ᠰᠢᠨ᠎ᠡ ᠡᠨᠧᠷᠭᠢ ᠶᠢᠨ ᠪᠥᠬᠦ ᠲᠤᠭ᠎ᠠ ᠪᠠᠷ ᠥᠪᠡᠰᠦᠪᠡᠨ ᠡᠭᠦᠰᠬᠡᠵᠦ | ᠥᠪᠡᠰᠦᠪᠡᠨ ᠬᠡᠷᠡᠭᠯᠡᠬᠦ ᠰᠢᠨ᠎ᠡ ᠡᠨᠧᠷᠭᠢ ᠵᠡᠷᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ | ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠳᠤ ᠨᠡᠶᠢᠲᠡ 459 ᠲᠦᠮᠡᠨ ᠺᠢᠯᠣᠸᠠᠲ ᠤᠨ ᠰᠠᠯᠬᠢ | ᠭᠡᠷᠡᠯ ᠤᠨ ᠡᠬᠢ ᠪᠠᠶᠠᠯᠢᠭ ᠢ ᠳᠣᠭᠢᠷᠠᠭᠤᠯᠵᠤ᠂ ᠳᠣᠤᠷᠠᠳᠤ ᠤᠷᠤᠰᠬᠠᠯ ᠤᠨ ᠪᠠᠭᠲᠠᠭᠠᠨ ᠰᠢᠩᠭᠡᠭᠡᠬᠦ ᠪᠠᠶᠢᠳᠠᠯ ᠢ | ᠲᠠᠰᠤᠷᠠᠯᠲᠠ ᠥᠬᠡᠶ ᠥᠷᠭᠡᠳᠬᠡᠪᠡ᠃ | ᠳᠥᠷᠪᠡ ᠳᠤ ᠠᠵᠠ ᠲᠣᠬᠢᠶᠠᠯ ᠢ ᠠᠮᠵᠢᠨ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠤᠷᠢᠪᠠ | ᠂ ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠳᠠᠯᠳᠤᠭᠠᠯᠠᠨ ᠡᠵᠡᠩᠨᠡᠬᠦ ᠣᠷᠴᠢᠨ | ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ | ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ | ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠠᠬᠢᠨ ᠳᠠᠪᠲᠠᠨ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠶᠢ | ᠴᠢᠩᠭᠠᠷᠠᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠲᠤ ᠪᠠᠷ ᠬᠦᠴᠦᠯᠡᠵᠦ᠂ ᠶᠠᠮᠠᠷᠪᠠ ᠨᠢᠭᠡᠨ | ᠬᠤᠳᠠᠯᠳᠤᠭᠠᠴᠢᠨ ᠤᠷᠢᠬᠤ ᠠᠵᠠ ᠲᠣᠬᠢᠶᠠᠯ ᠢ ᠠᠯᠳᠠᠵᠤ ᠶᠠᠪᠤᠭᠤᠯᠬᠤ ᠦᠭᠡᠢ ᠪᠠᠶᠢᠵᠤ᠂ ︽ᠭᠤᠤᠯᠳᠠᠯᠭ᠎ᠠ ᠲᠠᠢ | ᠲᠥᠷᠥᠯ ᠵᠦᠢᠯ ᠢ ᠲᠤᠰᠬᠠᠶ ᠬᠥᠮᠦᠨ ᠢᠶᠠᠷ ᠬᠠᠮᠢᠶᠠᠷᠤᠭᠤᠯᠬᠤ᠂ ᠲᠥᠷᠥᠯ ᠵᠦᠢᠯ ᠤᠨ ᠭᠠᠷᠳᠠᠮ ᠢ ᠣᠷᠣᠯᠠᠨ | ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠶᠢ ᠰᠦᠯᠵᠢᠶᠡᠨ ᠳᠡᠭᠡᠷ᠎ᠡ ᠭᠦᠢᠴᠡᠳᠬᠡᠬᠦ︾ | ᠴᠤᠪᠤᠷᠠᠯ ᠤᠨ ᠬᠡᠪ ᠵᠠᠭᠪᠤᠷ ᠢ ᠬᠡᠷᠡᠭᠵᠢᠭᠦᠯᠵᠦ᠂ ᠲᠥᠷᠥᠯ ᠵᠦᠢᠯ ᠳᠤ ᠭᠠᠷᠳᠠᠮ ᠭᠦᠢᠴᠡᠳᠭᠡᠬᠦ ᠦᠢᠯᠡᠴᠢᠯᠡᠭᠡ ᠶᠢ | ᠨᠢᠭᠡᠳ ᠨᠢᠭᠡ ᠪᠠᠷ ᠬᠠᠩᠭᠠᠵᠤ᠂ ᠪᠥᠬᠦ ᠬᠤᠰᠢᠭᠤᠨ ᠤ ᠣᠷᠣᠨ ᠪᠦᠰᠡ ᠶᠢᠨ ᠥᠷᠢᠰᠦᠯᠳᠦᠬᠦ ᠬᠦᠴᠦᠨ ᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ | 2021 ᠣᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠮᠠᠨ ᠤ ᠤᠯᠤᠰ ᠶᠢᠰᠦᠨ ᠶᠡᠭᠡ ᠲᠣᠮᠣ ᠬᠡᠯᠪᠡᠷᠢ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ | ᠪᠥᠲᠥᠭᠡᠨ ᠪᠠᠶᠢᠭᠤᠯᠤᠨ᠎ᠠ᠂ ᠡᠭᠦᠨ ᠳᠤ ᠬᠠᠲᠤᠨ ᠭᠤᠤᠯ ᠤᠨ ︽几︾ ᠦᠰᠦᠭ ᠤᠨ ᠪᠤᠯᠤᠩ ᠤᠨ ᠴᠡᠪᠡᠷ | ᠡᠨᠧᠷᠭᠢ ᠶᠢᠨ ᠰᠠᠭᠤᠷᠢᠨ ᠭᠠᠵᠠᠷ ᠪᠠᠭᠲᠠᠨ᠎ᠠ ᠭᠡᠵᠦ ᠳᠤᠷᠠᠳᠪᠠ᠂ ᠵᠢᠱᠢᠯᠲᠡ ᠪᠠᠷ 2025 ᠣᠨ ᠪᠣᠯᠬᠤ ᠳᠤ᠂ ᠥᠪᠥᠷ | ᠮᠣᠩᠭᠤᠯ ᠤᠨ ᠰᠢᠨ᠎ᠡ ᠡᠨᠧᠷᠭᠢ ᠨᠢ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠨᠡᠮᠡᠭᠳᠡᠯ ᠤᠨ ᠭᠤᠤᠯ | ᠴᠣᠭᠴᠠ ᠶᠢᠨ ᠡᠨᠧᠷᠭᠢ ᠪᠣᠯᠵᠣ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠨᠢ | 50% ᠶᠢ ᠳᠠᠪᠠᠵᠤ᠂ ᠬᠠᠲᠤᠨ ᠭᠤᠤᠯ ᠤᠨ ︽几︾ ᠦᠰᠦᠭ ᠤᠨ ᠪᠤᠯᠤᠩ ᠤᠨ ᠴᠡᠪᠡᠷ ᠡᠨᠧᠷᠭᠢ ᠶᠢᠨ | ᠰᠠᠭᠤᠷᠢᠨ ᠭᠠᠵᠠᠷ ᠤᠨ ᠴᠢᠬᠤᠯᠠ ᠪᠠᠯᠭᠠᠰᠤ ᠪᠣᠯᠤᠭᠰᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ᠂ | ᠢᠷᠡᠭᠡᠳᠦᠶ ᠶᠢᠨ ᠬᠡᠲᠦ ᠶᠢᠨ ᠲᠥᠯᠥᠪ ᠭᠡᠭᠡᠨ ᠰᠠᠷᠠᠭᠤᠯ᠂ ᠥᠭᠡᠳᠡᠷᠬᠡᠭ ᠪᠠᠶᠢᠬᠤ ᠶᠤᠮ᠃ | 2024 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ᠂ ᠶᠤᠸᠠᠨ ᠵᠢᠩ ᠮᠧᠩ ᠰᠢᠨ ᠪᠦᠯᠦᠭᠯᠡᠯ ᠤᠨ | ᠳᠡᠭᠡᠳᠦ ᠰᠢᠨ᠎ᠡ ᠮᠡᠷᠭᠡᠵᠢᠯ ᠤᠨ ᠠᠷᠠᠭᠠᠲᠤ ᠬᠦᠷᠳᠦᠲᠦ ᠬᠠᠶᠢᠷᠴᠠᠭ ᠤᠨ ᠣᠶᠤᠨᠴᠢ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠠᠩᠬᠠᠨ ᠤ ᠦᠢᠯᠡᠳᠬᠦᠨ ᠨᠢ ᠳᠠᠷᠬᠠᠨ ᠮᠤᠤᠮᠢᠩᠭᠠᠨ ᠤ ᠲᠡᠭ ᠨᠡᠭᠦᠷᠡᠰᠦᠲᠥ᠋ᠷᠥᠭᠴᠢᠳᠦ ᠬᠦᠷᠢᠶᠡᠯᠡᠩ | ᠲᠣᠭᠤᠷᠢᠭ ᠲᠤ ᠵᠢᠩᠬᠢᠨᠢ ᠪᠠᠷ ᠵᠠᠬ᠎ᠠ ᠳᠡᠯᠭᠡᠭᠦᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠣᠶᠤᠨᠴᠢ ᠰᠠᠯᠬᠢᠨ | ᠬᠦᠴᠦᠨ ᠤ ᠮᠠᠰᠢᠨ ᠤ ᠠᠵᠤ ᠦᠢᠯᠡᠰ ᠤᠨ ᠬᠡᠯᠬᠢᠶ᠎ᠡ ᠶᠢᠨ ᠭᠤᠣᠯ ᠤᠭᠰᠠᠷᠠᠭ᠎ᠠ ᠲᠣᠨᠤᠭ ᠤᠨ ᠦᠢᠯᠡᠳᠬᠡᠯ ᠤᠨ | ᠦᠵᠦᠭᠦᠷ ᠤᠨ ᠬᠤᠭᠤᠰᠣᠨ ᠢ ᠨᠥᠬᠦᠪᠦᠷᠢᠯᠡᠪᠡ᠂ ᠡᠨᠡ ᠪᠣᠯ ᠰᠠᠶᠢᠨ ᠡᠬᠢᠯᠡᠯᠲᠡ ᠮᠥᠨ᠂ ᠢᠷᠡᠭᠡᠳᠦᠢ ᠳᠤ ᠪᠠᠰᠠ ᠨᠡᠩ | ᠣᠯᠠᠨ ᠰᠢᠨ᠎ᠡ ᠮᠠᠲ᠋ᠧᠷᠢᠶᠠᠯ᠂ ᠴᠢᠳᠬᠤᠮᠠᠯ ᠲᠣᠨᠤᠭ᠂ ᠬᠤᠯᠬᠤᠪᠴᠢ᠂ ᠭᠤᠯᠭᠤᠭᠤᠷ ᠵᠡᠷᠭᠡ ᠳᠡᠭᠡᠳᠦ ᠤᠷᠤᠰᠬᠠᠯ ᠤᠨ | ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠳᠤ ᠪᠡᠯᠡ ᠣᠷᠣᠭᠤᠯᠤᠨ ᠦᠢᠯᠡᠰ ᠬᠥᠭᠵᠢᠭᠦᠯᠵᠦ᠂ ᠳᠠᠷᠬᠠᠨ ᠮᠤᠤᠮᠢᠩᠭᠠᠨ ᠳᠤ | ᠦᠢᠯᠡᠳᠪᠦᠷᠢᠯᠡᠵᠦ᠂ ᠳᠠᠷᠬᠠᠨ ᠮᠤᠤᠮᠢᠩᠭᠠᠨ ᠳᠤ ᠬᠡᠷᠡᠭᠯᠡᠵᠦ᠂ ᠳᠠᠷᠬᠠᠨ ᠮᠤᠤᠮᠢᠩᠭᠠᠨ ᠳᠤ ᠬᠤᠪᠢ ᠨᠡᠮᠡᠷᠢ | ᠦᠵᠡᠭᠦᠯᠬᠦ ᠶᠢ ᠦᠨᠡᠨ ᠬᠦ ᠪᠡᠶᠡᠯᠡᠭᠦᠯᠦᠨ᠎ᠡ᠃ | ᠡᠷᠬᠡᠪᠰᠢ ᠲᠣᠳᠣᠷᠬᠠᠢ ᠲᠠᠨᠢᠵᠤ ᠣᠯᠬᠤ ᠴᠢᠬᠤᠯᠠ ᠲᠠᠢ ᠨᠢ᠂ ᠰᠢᠨ᠎ᠡ ᠡᠨᠧᠷᠭᠢ ᠶᠢᠨ ᠠᠵᠤ ᠦᠢᠯᠡᠰ ᠤᠨ | ᠳᠣᠣᠷᠠᠳᠤ ᠤᠷᠤᠰᠬᠠᠯ ᠳᠤ᠂ ᠡᠨᠧᠷᠭᠢ ᠬᠠᠳᠠᠭᠠᠯᠠᠬᠤ᠂ ᠬᠠᠮᠢᠶᠠᠷᠬᠤ᠂ ᠠᠵᠢᠯᠯᠠᠭᠤᠯᠵᠤ ᠬᠠᠮᠠᠭᠠᠯᠠᠬᠤ᠂ ᠪᠠᠶᠢᠴᠠᠭᠠᠨ | ᠵᠠᠰᠠᠬᠤ ᠵᠡᠷᠭᠡ ᠶᠢ ᠪᠠᠭᠲᠠᠭᠠᠭᠰᠠᠨ ᠬᠦᠷᠢᠶ᠎ᠡ ᠬᠡᠪᠴᠢᠶᠡᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠥᠨ | ᠯᠡ ᠰᠢᠨ᠎ᠡ ᠡᠨᠧᠷᠭᠢ ᠶᠢᠨ ᠠᠵᠤ ᠦᠢᠯᠡᠰ ᠤᠨ ᠳᠣᠣᠷᠠᠳᠤ ᠤᠷᠤᠰᠬᠠᠯ ᠤᠨ ᠪᠠᠭᠤᠷᠠᠶ ᠪᠠᠶᠢᠷᠢᠨ ᠳᠤ ᠪᠠᠶᠢᠨ᠎ᠠ᠃ | ᠢᠯᠠᠩᠭᠤᠶ᠎ᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠯᠤᠭ᠎ᠠ ᠨᠡᠶᠢᠴᠡᠬᠦ ᠥᠬᠡᠶ | ᠠᠵᠢᠯᠯᠠᠭᠤᠯᠵᠤ ᠬᠠᠮᠠᠭᠠᠯᠠᠬᠤ ᠪᠠᠶᠢᠴᠠᠭᠠᠨ ᠵᠠᠰᠠᠬᠤ ᠵᠡᠷᠭᠡ ᠬᠦᠷᠢᠶᠡᠨ ᠳᠤ᠂ ᠣᠳᠣᠬᠠᠨ ᠳᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠪᠠᠷᠤᠭ ᠬᠤᠭᠤᠰᠣᠨ ᠭᠠᠵᠠᠷ ᠲᠤ ᠣᠷᠣᠰᠢᠵᠤ ᠪᠠᠶᠢᠨ᠎ᠠ᠂ ᠢᠷᠡᠭᠡᠳᠦᠶ ᠳᠤ ᠪᠠᠰᠠ ᠠᠵᠤ | ᠦᠢᠯᠡᠰ ᠤᠨ ᠲᠥᠯᠥᠪᠵᠢᠭᠦᠯᠭᠡ ᠪᠠᠶᠢᠷᠢᠯᠠᠭᠤᠯᠤᠯᠲᠠ ᠳᠡᠭᠡᠷ᠎ᠡ ᠬᠦᠴᠦ ᠲᠠᠯᠪᠢᠵᠤ᠂ ᠢᠷᠡᠭᠡᠳᠦᠶ ᠳᠤ ᠪᠠᠰᠠ ᠠᠵᠤ | ᠦᠢᠯᠡᠰ ᠤᠨ ᠲᠥᠯᠥᠪᠵᠢᠭᠦᠯᠭᠡ ᠪᠠᠶᠢᠷᠢᠯᠠᠭᠤᠯᠤᠯᠲᠠ ᠳᠡᠭᠡᠷ᠎ᠡ ᠬᠦᠴᠦ ᠲᠠᠯᠪᠢᠵᠤ᠂ ᠨᠡᠭᠦᠷᠡᠰᠦᠲᠥ᠋ᠷᠥᠭᠴᠢ ᠥᠬᠡᠶ | ᠬᠦᠷᠢᠶᠡᠯᠡᠩ ᠲᠣᠭᠤᠷᠢᠭ ᠤᠨ ᠳᠠᠪᠠᠭᠤᠯᠢᠭ ᠲᠤ ᠲᠦᠰᠢᠭᠯᠡᠨ᠂ ᠲᠣᠰ ᠭᠠᠵᠠᠷ ᠣᠷᠣᠨ ᠤ ᠰᠢᠨ᠎ᠡ ᠡᠨᠧᠷᠭᠢ ᠶᠢᠨ | ᠠᠵᠢᠯᠯᠠᠭᠤᠯᠵᠤ ᠬᠠᠮᠠᠭᠠᠯᠠᠬᠤ ᠠᠵᠤ ᠠᠬᠤᠶᠢᠯᠠᠯ ᠢ ᠪᠠᠶᠢᠭᠤᠯᠬᠤ ᠪᠤᠶᠤ ᠰᠢᠨ᠎ᠡ ᠡᠨᠧᠷᠭᠢ ᠶᠢᠨ ᠠᠵᠢᠯᠯᠠᠭᠤᠯᠵᠤ | ᠬᠠᠮᠠᠭᠠᠯᠠᠬᠤ ᠲᠦᠷᠦᠭᠦᠤ ᠬᠡᠯᠲᠡᠰ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠤᠨ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠨ᠂ ᠲᠤᠬᠠᠶ ᠶᠢᠨ ᠭᠠᠵᠠᠷ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ | ᠠᠵᠤ ᠦᠢᠯᠡᠰ ᠤᠨ ᠲᠥᠪᠯᠡᠷᠡᠯ ᠤᠨ ᠳᠠᠪᠠᠭᠤᠯᠢᠭ ᠢ ᠪᠣᠶ ᠪᠣᠯᠭᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠨᠥᠬᠦᠪᠥᠷᠢᠯᠡᠬᠦ᠂ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ | ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ | 2025 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ︽ᠲᠤᠯᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠦᠨ᠎ᠡ᠂ ᠡᠭᠦᠨ ᠳᠤ ᠣᠲᠣ ᠦᠶ᠎ᠡ ᠶᠢᠨ ᠠᠵᠤ | ᠦᠢᠯᠡᠳᠪᠦᠷᠢ ᠶᠢᠨ ᠰᠢᠰᠲ᠋ᠧᠮ ᠢ ᠪᠤᠶᠢᠵᠢᠭᠤᠯᠬᠤ ᠢᠨᠵᠧᠨᠧᠷᠢᠩ ᠬᠡᠷᠡᠭᠵᠢᠭᠦᠯᠬᠦ ᠶᠢ ᠪᠠᠭᠲᠠᠭᠠᠵᠤ᠂ ᠰᠢᠨ᠎ᠡ ᠡᠨᠧᠷᠭᠢ ᠶᠢᠨ | ᠠᠵᠤ ᠦᠢᠯᠡᠰ ᠤᠨ ᠢᠳᠡᠷᠡᠭᠦᠨ ᠪᠦᠯᠦᠭᠵᠢᠯ ᠢ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ | ᠰᠠᠭᠤᠷᠢᠨ ᠭᠠᠵᠠᠷ ᠢ ᠪᠠᠶᠢᠭᠤᠯᠤᠨ᠎ᠠ ᠭᠡᠵᠦ ᠲᠣᠳᠣᠷᠬᠠᠢ ᠳᠤᠷᠠᠳᠪᠠ᠃ | ᠪᠢᠳᠡᠨ ᠳᠤ᠂ ᠦᠶ᠎ᠡ ᠦᠶ᠎ᠡ ᠶᠢᠨ ᠳᠠᠷᠬᠠᠨ ᠮᠤᠤᠮᠢᠩᠭᠠᠨ ᠨᠤᠲᠤᠭ ᠤᠨ ᠬᠥᠮᠥᠰ ᠤᠨ ᠬᠠᠮᠲᠤ ᠶᠢᠨ ᠴᠢᠷᠮᠠᠶᠢᠯᠭ᠎ᠠ | ᠳᠣᠣᠷ᠎ᠠ᠂ ᠪᠣᠳᠠᠲᠠᠢ ᠪᠠᠶᠢᠳᠠᠯ ᠳᠤ ᠦᠨᠳᠦᠰᠦᠯᠡᠨ᠂ ᠢᠷᠡᠭᠡᠳᠦᠢ ᠳᠤ ᠬᠠᠨᠳᠤᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ ᠯᠠᠪᠲᠠᠢ ᠨᠢᠭᠡᠨ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ ᠲᠠᠢ | ᠂ ᠬᠠᠮᠲᠤ ᠪᠠᠷ ᠡᠳ᠋ᠯᠡᠬᠦ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ | ᠴᠢᠳᠠᠨ᠎ᠠ ᠭᠡᠳᠡᠭ ᠢ ᠢᠲᠡᠭᠡᠬᠦ ᠰᠢᠯᠲᠠᠭᠠᠨ ᠪᠣᠢ᠃ |