ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠄ ᠬᠠᠪᠤᠷ ᠤᠨ ᠤᠯᠠᠷᠢᠯ ᠠᠴᠠ ᠡᠬᠢᠯᠡᠨ ᠠᠯᠬᠤᠵᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ︽ᠲᠦᠷᠭᠡᠨ ᠤᠷᠤᠭᠰᠢᠯᠠᠭᠠᠳ ᠵᠣᠭᠰᠤᠰᠢ ᠦᠭᠡᠢ︾
ᠨᠡᠶᠢᠲᠡᠯᠡᠭᠰᠡᠨ ᠴᠠᠭ᠄
2025/2/26
      2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠃ ᠰᠢᠨ᠎ᠡ ᠵᠢᠯ ᠤᠨ ᠡᠬᠢᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠡᠬᠢᠯᠡᠯᠲᠡ ᠪᠣᠯ ᠳᠠᠷᠤᠢ ᠰᠢᠢᠳᠪᠦᠷᠢᠲᠦ ᠪᠠᠶᠢᠯᠳᠤᠭᠠᠨ︾ ᠭᠡᠬᠦ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ ᠢᠶᠠᠷ᠂ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠳᠬᠤᠬᠤ᠂ ᠪᠡᠯᠡ ᠣᠷᠣᠭᠤᠯᠤᠯᠲᠠ ᠶᠢ ᠠᠬᠢᠭᠤᠯᠬᠤ᠂ ᠠᠵᠤ ᠦᠢᠯᠡᠰ ᠢ ᠬᠦᠴᠦᠷᠬᠡᠭᠵᠢᠭᠦᠯᠬᠦ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠪᠠ᠃ ᠪᠥᠬᠦ ᠬᠤᠰᠢᠭᠤᠨ ᠤ 68 ᠭᠤᠤᠯᠳᠠᠯᠭ᠎ᠠ ᠲᠠᠢ ᠲᠥᠷᠥᠯ ᠵᠦᠢᠯ ᠬᠦᠴᠦ ᠴᠢᠳᠠᠯ ᠢᠶᠠᠨ ᠨᠥᠭᠡᠴᠡᠯᠡᠵᠦ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠰᠠᠭᠤᠷᠢ ᠪᠡᠯᠡᠳᠬᠡᠮᠵᠢ ᠵᠡᠷᠭᠡ ᠬᠦᠷᠢᠶ᠎ᠡ ᠶᠢ ᠬᠠᠮᠤᠷᠴᠤ᠂ ᠴᠢᠨᠠᠷ ᠰᠠᠶᠢᠲᠠᠶ ᠬᠥᠭᠵᠢᠯᠲᠡ ᠳᠤ ᠳᠣᠯᠭᠢᠶᠠᠯᠠᠨ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠣᠢ᠃      ᠴᠠᠭᠠᠨ ᠰᠠᠷ᠎ᠠ ᠶᠢᠨ ᠥᠳᠬᠡᠨ ᠵᠤᠵᠠᠭᠠᠨ ᠠᠭᠤᠷ ᠠᠮᠢᠰᠬᠤᠯ ᠬᠠᠷᠠᠬᠠᠨ ᠠᠷᠢᠯᠤᠭ᠎ᠠ ᠦᠭᠡᠢ ᠪᠠᠶᠢᠬᠤ ᠳᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠬᠠᠩᠭᠢᠷ ᠴᠠᠩᠭᠢᠷ ᠳᠠᠶᠢᠨ ᠤ ᠬᠡᠩᠭᠡᠷᠭᠡ ᠶᠢ ᠨᠢᠭᠡᠨᠲᠡ ᠳᠡᠯᠡᠳᠦᠨ ᠴᠤᠤᠷᠢᠶᠠᠲᠤᠭᠤᠯᠪᠠ᠃ 2 ᠳ᠋ᠤᠭᠠᠷ ᠰᠠᠷ᠎ᠠ ᠶᠢᠨ 6 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠳᠤ ᠭᠠᠷᠤᠭᠰᠠᠨ ᠬᠤᠶᠠᠳᠤᠭᠠᠷ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ︵ᠬᠤᠶᠠᠳᠤᠭᠠᠷ ᠠᠵᠤ ᠦᠢᠯᠡᠰ︶ ᠬᠤᠷᠠᠯᠳᠤᠭᠤᠯᠵᠤ᠂ ᠪᠥᠬᠦ ᠬᠤᠲᠠ ᠶᠢᠨ ︽ᠬᠤᠶᠠᠷ ᠢ ᠤᠷᠢᠵᠤ ᠬᠤᠶᠠᠷ ᠢ ᠣᠷᠣᠭᠤᠯᠤᠨ ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠳᠠᠷᠤᠶ ᠳᠤ ᠨᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ᠢᠯᠡ ᠲᠣᠳᠣ ᠳᠣᠬᠢᠶ᠎ᠠ ᠥᠭᠪᠡ᠄ ᠦᠵᠡᠯ ᠰᠠᠨᠠᠭ᠎ᠠ ᠪᠠᠨ ᠨᠢᠭᠡᠳᠬᠡᠨ᠂ ᠦᠳᠲᠡᠷ ᠲᠦᠷᠭᠡᠨ ᠬᠥᠳᠡᠯᠦᠯᠴᠡᠵᠦ᠂ ︽ᠡᠬᠢᠯᠡᠯᠲᠡ ᠪᠣᠯ ᠳᠠᠷᠤᠢ ᠰᠢᠢᠳᠪᠦᠷᠢᠲᠦ ᠪᠠᠶᠢᠯᠳᠤᠭᠠᠨ ᠮᠥᠨ᠂ ᠡᠬᠢᠯᠡᠯᠲᠡ ᠪᠣᠯ ᠳᠠᠭᠠᠷᠢᠯᠲᠠ ᠮᠥᠨ︾ ᠭᠡᠬᠦ ᠡᠷᠴᠢ ᠵᠣᠷᠢᠭ ᠢᠶᠠᠨ ᠬᠥᠪᠴᠢᠯᠡᠵᠦ᠂ ᠰᠢᠨ᠎ᠡ ᠨᠢᠭᠡ ᠵᠢᠯ ᠤᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠵᠠᠮ ᠳᠤ ᠡᠮᠦᠨ᠎ᠡ ᠨᠢ ᠬᠤᠰᠢᠭᠤᠷᠠᠵᠤ᠂ ᠵᠣᠷᠢᠭᠲᠠᠶ ᠪᠠᠷ ᠲᠡᠷᠢᠭᠦᠯᠡᠬᠦ ᠪᠠᠷ ᠴᠢᠷᠮᠠᠶᠢᠬᠤ ᠬᠡᠷᠡᠭᠲᠡᠶ᠃      2025 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 68 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 705.4 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 301.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ 58 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 521.78 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠵᠢᠯ ᠳᠤ 251.19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ 10 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 183.6 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠵᠢᠯ ᠳᠤ 50.14 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃      ᠬᠠᠪᠤᠷ ᠤᠨ ᠠᠯᠬᠤᠭ᠎ᠠ ᠶᠢ ᠠᠯᠬᠤᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡ ᠬᠦ ᠠᠮᠢᠵᠢᠷᠠᠯ ᠤᠨ ᠬᠦᠴᠦᠨ ᠪᠣᠯᠤᠨ ᠬᠦᠰᠡᠯ ᠡᠷᠡᠮᠡᠯᠵᠡᠯ ᠢᠶᠠᠷ ᠪᠢᠯᠬᠠᠭᠰᠠᠨ ᠭᠠᠵᠠᠷ ᠨᠤᠲᠤᠭ ᠳᠡᠭᠡᠷ᠎ᠡ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠶᠠᠭ ᠰᠠᠶᠢᠬᠠᠨ ᠡᠷᠡᠯᠬᠡᠭᠯᠡᠨ ᠪᠠᠶᠢᠯᠳᠤᠵᠤ᠂ ᠬᠦᠷ ᠬᠥᠭᠵᠢᠶᠡᠨ ᠲᠠᠢ ᠪᠠᠶᠢᠳᠠᠯ ᠢᠶᠠᠷ ᠪᠢᠯᠬᠠᠨ᠎ᠠ᠃ ᠪᠥᠲᠥᠭᠡᠨ ᠪᠠᠶᠢᠭᠤᠯᠤᠭᠴᠢᠳ ᠴᠠᠭ ᠨᠡᠮᠡᠵᠦ ᠠᠵᠢᠯᠯᠠᠨ ᠠᠵᠢᠯ ᠤᠨ ᠬᠤᠭᠤᠴᠠᠭ᠎ᠠ ᠶᠢ ᠠᠮᠵᠢᠨ᠂ ᠠᠬᠢᠴᠠ ᠶᠢ ᠲᠦᠷᠭᠡᠳᠬᠡᠵᠦ᠂ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠨᠡᠮᠡᠬᠦ︾ ᠶᠢ ᠪᠡᠶᠡᠯᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠥᠪᠥᠷ ᠮᠣᠩᠭᠤᠯ ᠤᠨ ᠼᠧ ᠴᠧᠩ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠲᠣᠯᠣᠭᠠᠢ ᠳᠠᠬᠢ ᠵᠡᠰ ᠤᠨ ᠨᠢᠺᠧᠯ ᠠᠭᠤᠷᠬᠠᠢ ᠶᠢᠨ 45 ᠲᠦᠮᠡᠨ ᠲᠣᠨ / ᠵᠢᠯ ᠮᠠᠯᠲᠠᠨ ᠰᠣᠩᠭᠤᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠬᠡᠳᠦᠨ ᠠᠷᠠᠩᠭ᠎ᠠ ᠥᠨᠳᠥᠷ ᠰᠦᠨᠳᠡᠷᠯᠡᠵᠦ᠂ ᠬᠤᠳᠳᠤᠭ ᠤᠨ ᠠᠮᠠᠰᠠᠷ ᠠᠴᠠ 200 ᠭᠠᠷᠤᠢ ᠮᠧᠲᠷ ᠡᠭᠴᠡ ᠳᠣᠷᠣᠭᠰᠢᠯᠠᠵᠤ᠂ ᠮᠠᠰᠢᠨ ᠲᠣᠨᠣᠭᠯᠠᠯ ᠨᠢ ᠶᠠᠭ ᠤᠷᠲᠤ ︽ᠭᠠᠷ ᠤᠨ ᠲᠣᠬᠤᠢ︾ ᠪᠠᠨ ︽  ᠬᠤᠷᠤᠶᠢᠯᠠᠭᠤᠯᠤᠨ ︾ ᠬᠠᠲᠠᠭᠤ ᠴᠢᠩᠭ᠎ᠠ ᠬᠠᠳᠠᠨ ᠬᠠᠨ᠎ᠠ ᠳᠤ ᠠᠵᠢᠯᠯᠠᠵᠤ ᠪᠠᠶᠢᠨ᠎ᠠ︔ ᠳᠤᠮᠳᠠ ᠡᠵᠡᠮᠰᠢᠯ ᠤᠨ ᠲᠠᠰᠤᠭ ᠲᠤ᠂ ᠠᠵᠢᠯᠯᠠᠭᠴᠢ ᠠᠴᠠ ᠪᠣᠯᠵᠣᠯᠲᠤ ᠲᠤᠭ᠎ᠠ ᠶᠢ ᠰᠠᠶᠢᠲᠤᠷ ᠲᠣᠬᠢᠷᠠᠭᠤᠯᠵᠤ᠂ ᠳᠠᠷᠤᠭᠤᠯ ᠢ ᠳᠠᠷᠤᠪᠠᠯ᠂ ᠯᠤᠲᠤ ᠶᠡᠭᠡ ᠬᠦᠩᠭᠢᠨᠡᠬᠦ ᠲᠠᠭᠤᠨ ᠰᠣᠨᠣᠰᠳᠠᠵᠤ᠂ ᠬᠠᠳᠠ ᠥᠷᠥᠮᠳᠡᠬᠦ᠂ ᠰᠢᠭᠠᠷᠤ ᠶᠢ ᠭᠠᠷᠭᠠᠬᠤ ᠁ ᠠᠳᠠᠯᠢ ᠪᠤᠰᠤ ᠠᠵᠢᠯ ᠲᠥᠷᠥᠯ ᠤᠨ ᠪᠠᠶᠢᠷᠢ ᠳᠤ ᠡᠭᠡᠯᠵᠢᠯᠡᠨ ᠠᠵᠢᠯᠯᠠᠵᠤ᠂ ︽ᠡᠭᠡᠯᠵᠢᠯᠡᠨ ᠠᠵᠢᠯᠯᠠᠬᠤ ᠳᠦᠷᠢᠮ︾ ᠨᠢ ᠦᠢᠯᠡᠳᠪᠦᠷᠢᠯᠡᠯ ᠤᠨ ᠴᠢᠳᠠᠪᠤᠷᠢ ᠪᠠ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃      ᠥᠪᠥᠷ ᠮᠣᠩᠭᠤᠯ ᠤᠨ ᠼᠧ ᠴᠧᠩ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠱᠤᠤ ᠵᠧᠨ ᠷᠦᠢ ᠠᠴᠠ᠄ ︽ᠥᠪᠥᠷ ᠮᠣᠩᠭᠤᠯ ᠤᠨ ᠼᠧ ᠴᠧᠩ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠷᠬᠠᠨ ᠮᠤᠤᠮᠢᠩᠭᠠᠨ ᠬᠤᠰᠢᠭᠤᠨ ᠤ ᠤᠯᠠᠭᠠᠨᠲᠣᠯᠣᠭᠠᠢ ᠳᠠᠬᠢ ᠵᠡᠰ ᠨᠢᠺᠧᠯ ᠠᠭᠤᠷᠬᠠᠢ ᠶᠢᠨ 45 ᠲᠦᠮᠡᠨ ᠲᠣᠨ / ᠵᠢᠯ ᠮᠠᠯᠲᠠᠨ ᠰᠣᠩᠭᠤᠬᠤ ᠲᠥᠷᠥᠯ ᠵᠦᠢᠯ ᠤᠨ 2024 ᠣᠨ ᠤ ᠭᠤᠣᠯ ᠠᠵᠢᠯ ᠪᠣᠯ ᠠᠭᠤᠷᠬᠠᠢ ᠮᠠᠯᠲᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠᠶᠢᠵᠤ᠂ 4300 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ 2025 ᠣᠨ ᠳᠤ ᠠᠭᠤᠷᠬᠠᠶ ᠮᠠᠯᠲᠠᠬᠤ ᠰᠢᠰᠲ᠋ᠧᠮ ᠤᠨ ᠬᠤᠳᠳᠤᠭ ᠳᠣᠤᠷᠠᠬᠢ ᠪᠠᠷᠢᠯᠭ᠎ᠠ ᠶᠢᠨ ᠠᠵᠢᠯ ᠢ ᠦᠷᠭᠦᠯᠵᠢᠯᠡᠨ ᠪᠡᠶᠡᠯᠡᠭᠦᠯᠬᠦ ᠪᠠᠷ ᠲᠥᠯᠥᠪᠯᠡᠬᠦ ᠶᠢᠨ ᠬᠠᠮᠲᠤ᠂ ᠬᠦᠳᠡᠷ ᠰᠣᠩᠭᠤᠬᠤ ᠰᠢᠰᠲ᠋ᠧᠮ᠂ ᠦᠯᠡᠳᠡᠭᠳᠡᠯ ᠬᠦᠳᠡᠷ ᠤᠨ ᠰᠢᠰᠲ᠋ᠧᠮ ᠤᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠣᠨ ᠤ ᠦᠢᠯᠡᠳᠬᠦᠨ ᠤ ᠥᠷᠲᠡᠭ ᠢ 1.8 ᠳ᠋ᠦᠩᠰᠢᠭᠤᠷ ᠲᠥᠭᠦᠷᠢᠭ ᠣᠷᠴᠢᠮ  ᠬᠦᠷᠭᠡᠬᠦ ᠪᠠᠷ ᠵᠢᠱᠢᠵᠦ ᠪᠣᠢ︾ ᠭᠡᠵᠦ ᠲᠠᠨᠢᠯᠴᠠᠭᠤᠯᠪᠠ᠃      ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠤᠰ ᠪᠡᠶ᠎ᠡ ᠶᠢᠨ ᠰᠠᠯᠬᠢ ᠭᠡᠷᠡᠯ ᠤᠨ ᠡᠬᠢ ᠪᠠᠶᠠᠯᠢᠭ ᠤᠨ ᠲᠠᠯ᠎ᠠ ᠪᠠᠷ ᠬᠢ ᠳᠤᠪᠤᠶᠢᠮ᠎ᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠡᠷᠬᠢᠮ ᠨᠠᠨᠳᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠰᠠᠯᠬᠢ︾ ᠶᠢ ︽ᠡᠳᠦᠷ︾ ᠲᠤᠷᠰᠢ ᠬᠥᠭᠡᠭᠡᠴᠡᠯᠳᠦᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠬᠤ ᠶᠢ ᠲᠦᠷᠭᠡᠳᠬᠡᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠵᠡᠷᠭᠡ ᠴᠡᠪᠡᠷ ᠡᠨᠧᠷᠭᠢ ᠶᠢᠨ ᠲᠦᠷᠦᠯ ᠵᠦᠢᠯ ᠤᠨ ᠥᠷᠨᠢᠩᠭᠦᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠬᠥᠳᠡᠯᠭᠡᠬᠦ ᠰᠢᠨ᠎ᠡ ᠬᠥᠳᠡᠯᠭᠡᠭᠦᠷ ᠪᠣᠯᠭᠠᠪᠠ᠃ ᠥᠪᠥᠷ ᠮᠣᠩᠭᠤᠯ ᠤᠨ ᠬᠤᠸᠠ ᠳ᠋ᠢᠶᠠᠨ ᠲᠦᠩ ᠸᠧᠢ ᠴᠠᠬᠢᠭᠤᠷ ᠤᠨ ᠡᠨᠧᠷᠭᠢ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠠᠳᠡ ᠶᠠᠭ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠬᠤ ᠠᠵᠢᠯ ᠢ ᠪᠠᠴᠢᠮ ᠶᠠᠭᠠᠷᠠᠯᠲᠠᠢ ᠬᠢᠵᠦ᠂ ᠠᠵᠢᠯᠴᠢᠳ ᠠᠶᠤᠯ ᠦᠭᠡᠢ ᠮᠠᠯᠠᠭᠠᠢ ᠵᠡᠭᠦᠵᠦ᠂ ᠢᠯᠡ ᠲᠣᠳᠣ ᠠᠵᠢᠯ ᠤᠨ ᠬᠤᠪᠴᠠᠰᠤ ᠡᠮᠦᠰᠴᠦ᠂ ᠡᠯ᠎ᠡ ᠠᠵᠢᠯ ᠤᠨ ᠲᠣᠭᠤᠷᠢᠭ ᠲᠤ ᠲᠠᠷᠬᠠᠵᠤ᠂ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢ ᠢᠯᠡᠷᠡᠭᠦᠯᠦᠨ᠎ᠡ᠃      ︽ᠥᠪᠥᠷ ᠮᠣᠩᠭᠤᠯ ᠤᠨ ᠬᠤᠸᠠ ᠳ᠋ᠢᠶᠠᠨ ᠲᠦᠩ ᠸᠧᠶ ᠴᠠᠬᠢᠭᠤᠷ ᠤᠨ ᠡᠨᠧᠷᠭᠢ ᠶᠢᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠣᠳᠣᠬᠠᠨ ᠳᠤ ᠶᠡᠷᠦᠩᠬᠡᠶ ᠪᠠᠷᠢᠯᠭ᠎ᠠ ᠶᠢᠨ ᠠᠬᠢᠴᠠ ᠶᠢᠨ 70% ᠶᠢ ᠪᠡᠶᠡᠯᠡᠭᠦᠯᠪᠡ᠃ 2024 ᠣᠨ ᠳᠤ᠂ ᠪᠢᠳᠡ ᠵᠥᠪᠬᠡᠨ 59 ᠡᠳᠦᠷ ᠢ ᠬᠡᠷᠡᠭᠯᠡᠨ 100 ᠰᠠᠭᠤᠷᠢ ᠰᠠᠯᠬᠢᠨ ᠬᠦᠴᠦᠨ ᠤ ᠮᠠᠰᠢᠨ ᠤ ᠰᠠᠭᠤᠷᠢ ᠶᠢ ᠴᠢᠳᠬᠤᠬᠤ ᠡᠭᠦᠷᠭᠡ ᠶᠢ ᠪᠡᠶᠡᠯᠡᠭᠦᠯᠵᠦ᠂ ᠵᠥᠪᠬᠡᠨ 4 ᠰᠠᠷ᠎ᠠ ᠶᠢᠨ ᠬᠤᠭᠤᠴᠠᠭᠠᠨ ᠳᠤ ᠬᠤᠶᠠᠷ ᠰᠠᠭᠤᠷᠢ ᠳᠠᠷᠤᠯᠲᠠ ᠳᠡᠭᠡᠭᠰᠢᠯᠡᠭᠦᠯᠬᠦ ᠥᠷᠲᠡᠭᠡ ᠶᠢᠨ ᠪᠠᠷᠢᠯᠭ᠎ᠠ ᠶᠢᠨ ᠭᠤᠤᠯ ᠴᠣᠭᠴᠠ᠂ ᠲᠥᠬᠦᠭᠡᠷᠦᠮᠵᠢ ᠤᠭᠰᠠᠷᠠᠬᠤ᠂ 300MW ᠰᠠᠯᠬᠢᠨ ᠬᠦᠴᠦᠨ ᠤ ᠴᠠᠬᠢᠯᠭᠠᠨ᠂ 200MW ᠬᠡᠷᠡᠯ ᠴᠡᠨᠡᠭ ᠤᠨ ᠪᠠᠷᠢᠯᠭ᠎ᠠ ᠶᠢᠨ ᠡᠭᠦᠷᠭᠡ ᠶᠢ ᠪᠡᠶᠡᠯᠡᠭᠦᠯᠵᠡᠶ︾᠃ ᠲᠥᠷᠥᠯ ᠵᠦᠢᠯ ᠤᠨ ᠬᠠᠷᠢᠭᠤᠴᠠᠯᠭᠠᠲᠠᠨ ᠱᠧᠨ ᠰᠢᠶᠠᠩ ᠴᠢᠶᠦ᠋ᠩ᠄ ︽2025 ᠣᠨ ᠳᠤ᠂ ᠪᠢᠳᠡᠨ ᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠪᠠᠶᠢᠨ᠎ᠠ᠂ ᠪᠢᠳᠡ ᠭᠤᠣᠯ ᠡᠭᠦᠷᠭᠡ ᠪᠠᠨ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠬᠤ᠂ ᠴᠠᠬᠢᠯᠭᠠᠨ ᠬᠤᠷᠠᠮᠳᠠᠭᠤᠯᠬᠤ ᠱᠤᠭᠤᠮ ᠤᠨ ᠪᠠᠷᠢᠯᠭ᠎ᠠ ᠪᠠᠷᠢᠬᠤ᠂ ᠬᠡᠷᠡᠯ ᠸᠣᠯᠲ ᠤᠨ ᠲᠣᠨᠤᠭ ᠲᠥᠬᠦᠭᠡᠷᠦᠮᠵᠢ ᠤᠭᠰᠠᠷᠠᠬᠤ ᠭᠤᠷᠪᠠᠨ ᠲᠠᠯ᠎ᠠ ᠳᠤ ᠲᠠᠯᠪᠢᠵᠤ᠂ ᠨᠢᠭᠡᠨᠲᠡ ᠲᠣᠭᠲᠠᠭᠰᠠᠨ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠲᠥᠷᠥᠯ ᠵᠦᠢᠯ ᠢ ᠪᠥᠬᠦ ᠪᠠᠭᠲᠠᠭᠠᠮᠵᠢ ᠪᠠᠷ ᠠᠰᠢᠭᠯᠠᠯᠲᠠ ᠳᠤ ᠣᠷᠣᠭᠤᠯᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠤᠨ᠎ᠠ︾ ᠭᠡᠵᠦ ᠬᠡᠯᠡᠪᠡ᠃      ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠶᠡᠷᠦᠩᠬᠡᠢ ᠨᠡᠭᠡᠭᠡᠯᠭᠡ ᠮᠥᠨ᠂ ᠬᠥᠭᠵᠢᠯᠲᠡ ᠶᠢᠨ ᠪᠦᠬᠦ ᠲᠠᠯ᠎ᠠ ᠶᠢ ᠨᠥᠯᠥᠭᠡᠯᠡᠬᠦ ︽ᠬᠥᠳᠡᠯᠭᠡᠭᠦᠷ︾ ᠪᠠ ︽ᠲᠦᠷᠭᠡᠳᠬᠡᠭᠦᠷ︾ ᠮᠥᠨ᠃ ᠵᠤᠷᠪᠤᠰ ᠵᠤᠷᠪᠤᠰ ᠦᠢᠯᠡᠳᠪᠦᠷᠢᠯᠡᠯ ᠤᠨ ᠱᠤᠭᠤᠮ ᠡᠷᠴᠢᠮᠲᠡᠢ ᠶᠠᠪᠤᠭᠳᠠᠵᠤ᠂ ᠠᠵᠢᠯᠴᠢᠨ ᠪᠦᠷᠢ ᠶᠢᠨ ᠡᠷᠴᠢ ᠵᠣᠷᠢᠭ ᠲᠡᠭᠦᠯᠳᠡᠷ ᠪᠠᠶᠢᠵᠤ᠂ ᠲᠦᠷᠦᠯ ᠵᠦᠢᠯ ᠪᠦᠷᠢ ᠨᠢ ᠠᠵᠢᠯ ᠤᠨ ᠠᠬᠢᠴᠠ ᠶᠢ ᠬᠤᠷᠳᠤᠯᠠᠨ ᠠᠵᠢᠯᠯᠠᠨ᠎ᠠ ᠁ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠠᠭ ︽ᠠᠵᠢᠯ ᠡᠬᠢᠯᠡᠮᠡᠭᠴᠡ ᠲᠠᠷᠤᠢ ᠨᠤᠮᠤ ᠳᠦᠭᠦᠷᠡᠩ︾ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ ᠢᠶᠠᠷ᠂ ᠠᠵᠤ ᠠᠬᠤᠶᠢᠯᠠᠯ ᠤᠨ ᠠᠵᠢᠯ ᠪᠠ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠰᠢᠨ᠎ᠡ ᠨᠢᠭᠡ ᠵᠢᠯ ᠤᠨ ᠪᠦᠳᠦᠭᠡᠨ ᠪᠠᠶᠢᠭᠤᠯᠤᠯᠲᠠ ᠶᠢᠨ ︽ᠬᠠᠪᠤᠷ ᠤᠨ ᠡᠳᠦᠷ ᠤᠨ ᠣᠷᠣᠰᠢᠯ ᠳᠠᠭᠤᠤ ︾ ᠢ ᠬᠥᠭᠵᠢᠮᠳᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号