︽ᠶᠠᠭᠤ ᠶᠢ ᠬᠦᠪᠦᠷᠡᠯ ᠰᠢᠯᠵᠢᠭᠦᠯᠬᠦ ᠭᠡᠬᠦ ᠪᠣᠢ︖︾ ︽ᠡᠨᠡ ᠰᠢᠯᠵᠢᠭᠦᠯᠵᠦ ᠠᠪᠴᠢᠷᠠᠭᠰᠠᠨ ᠬᠥᠪᠦᠷᠡᠯ ᠤᠨ | ᠂ ᠲᠥᠷᠥᠭᠦᠯᠦᠭᠰᠡᠨ ᠬᠤᠷᠠᠭ᠎ᠠ ᠶᠢ ᠲᠡᠵᠢᠭᠡᠬᠦ ᠳᠤ ᠠᠮᠠᠷ ᠦᠦ︖︾ ︽ᠡᠨᠡ ᠬᠦ ᠬᠥᠪᠥᠷᠡᠯ ᠰᠢᠯᠵᠢᠭᠦᠯᠬᠦ ᠮᠡᠷᠭᠡᠵᠢᠯ | ᠨᠡᠯᠢᠶᠡᠳ ᠵᠣᠭᠤᠰ ᠵᠠᠷᠤᠴᠠᠭᠤᠯᠬᠤ ᠪᠢᠵᠡ︖︾ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢ ᠾᠧ | ᠰᠢᠶᠠᠩ ᠤᠨ ᠬᠢᠨ ᠠᠯᠠᠰᠢᠨ ᠬᠤᠨᠢᠨ ᠤ ᠬᠦᠪᠦᠷᠡᠯ ᠢ ᠶᠡᠭᠡ ᠬᠡᠪᠴᠢᠶ᠎ᠡ ᠪᠠᠷ ᠰᠢᠯᠵᠢᠭᠦᠯᠦᠭᠰᠡᠨ ᠠᠴᠠ ᠨᠠᠭᠠᠰᠢ᠂ ᠰᠢ | ᠾᠧ ᠲᠣᠰᠬᠤᠨ ᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠭᠰᠡᠨ ᠥᠪᠥᠷ ᠮᠣᠩᠭᠤᠯ ᠤᠨ ᠭᠥᠩ ᠶᠢᠩ ᠳᠠᠷᠢᠵᠤ | ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠵᠠᠩ ᠭᠤᠸᠠᠨ ᠱᠧ | ᠡᠶᠢᠮᠦᠷᠬᠦᠦ ᠠᠰᠠᠭᠤᠯᠲᠠ ᠶᠢ ᠬᠡᠴᠢᠨᠡᠨ ᠬᠠᠷᠢᠭᠤᠯᠤᠭᠰᠠᠨ ᠢᠶᠠᠨ ᠲᠣᠳᠣᠷᠬᠠᠢ ᠮᠡᠳᠡᠬᠦ ᠦᠭᠡᠢ ᠪᠣᠯᠵᠤ᠂ ᠲᠡᠷᠡ ᠶᠡᠷᠦ ᠨᠢ | ︽ᠡᠨᠡ ᠮᠡᠷᠭᠡᠵᠢᠯ ᠢ ᠤᠯᠤᠰ ᠠᠴᠠ ᠳᠡᠯᠭᠡᠷᠡᠭᠦᠯᠦᠭᠰᠡᠨ ᠶᠤᠮ᠂ ᠤᠯᠠᠨ ᠢᠶᠠᠷ ᠢᠶᠠᠨ ᠰᠠᠨᠠᠭ᠎ᠠ ᠠᠮᠤᠷ ᠪᠠᠢ᠂ ᠪᠢᠳᠡ | ᠪᠣᠳᠠᠲᠤ ᠬᠡᠷᠡᠭ ᠢᠶᠠᠷ ᠭᠡᠷᠡᠴᠢᠯᠡᠶ᠎ᠡ︾ ᠭᠡᠵᠦ ᠬᠠᠯᠠᠰᠢᠷᠠᠯ ᠦᠭᠡᠢ ᠬᠠᠷᠢᠭᠤᠯᠳᠠᠭ ᠪᠠᠶᠢᠪᠠ᠃ | 2024 ᠣᠨ ᠤ 7 ᠳ᠋ᠤᠭᠠᠷ ᠰᠠᠷ᠎ᠠ ᠳᠤ᠂ ᠰᠢ ᠾᠧ ᠰᠢᠶᠠᠩ ᠴᠠᠭᠠᠨ ᠲᠣᠰᠬᠤᠨ ᠪᠣᠯᠤᠨ ᠰᠢ ᠾᠧ | ᠲᠣᠰᠬᠤᠨ ᠤ ᠬᠤᠶᠠᠷ ᠬᠤᠷᠰᠢᠶ᠎ᠠ ᠳᠤ 1000 ᠡᠮ᠎ᠡ ᠬᠤᠨᠢ ᠳᠤ ᠠᠮᠵᠢᠯᠲᠠ ᠲᠠᠢ ᠪᠠᠷ ᠬᠦᠪᠦᠷᠡᠯ ᠰᠢᠯᠵᠢᠭᠦᠯᠦᠨ | ᠥᠭᠪᠡ᠃ ᠣᠲᠣ 7 ᠰᠠᠷ᠎ᠠ ᠰᠢᠬᠠᠭᠤ ᠥᠩᠭᠡᠷᠡᠪᠡ᠂ ᠰᠤᠷᠪᠤᠯᠵᠢᠯᠠᠭᠴᠢ ᠰᠡᠵᠢᠭᠯᠡᠯ ᠲᠠᠢ ᠪᠠᠷ ᠥᠪᠥᠷ ᠮᠣᠩᠭᠤᠯ ᠤᠨ | ᠭᠥᠩ ᠶᠢᠩ ᠳᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠶ ᠮᠡᠷᠭᠡᠵᠢᠯ ᠤᠨ ᠬᠤᠷᠰᠢᠶ᠎ᠠ ᠳᠤ ᠬᠦᠷᠴᠦ | ᠴᠤᠬᠤᠮ ᠪᠠᠶᠢᠳᠠᠯ ᠢ ᠣᠶᠢᠯᠠᠭᠠᠪᠠ᠃ | ︽ ᠮᠠᠢ ᠮᠠᠢ ᠮᠠᠢ ᠁︾ ᠬᠤᠷᠰᠢᠶᠠᠨ ᠳᠤ ᠣᠷᠣᠮᠠᠭᠴᠠ᠂ᠬᠤᠨᠢᠨ ᠤ ᠳᠠᠭᠤ ᠠᠳᠡ ᠲᠡᠨᠳᠡ ᠦᠭᠡᠢ | ᠰᠣᠨᠣᠰᠳᠠᠪᠠ᠃ ︽ᠤᠰᠤ ᠠᠪᠬᠤ᠂ ᠡᠪᠡᠰᠦ ᠬᠠᠶᠠᠯᠠᠬᠤ᠂ ᠪᠣᠷᠳᠤᠭ᠎ᠠ ᠰᠠᠴᠤᠬᠤ ᠁ ᠬᠤᠷᠰᠢᠶᠠᠨ ᠤ ᠠᠵᠢᠯᠲᠠᠳ | ᠡᠮᠬᠢ ᠵᠢᠷᠤᠮ ᠲᠠᠢ ᠪᠠᠷ ᠶᠠᠭᠠᠷᠠᠯᠲᠠᠢ ᠠᠵᠢᠯᠯᠠᠵᠤ ᠪᠠᠶᠢᠯ᠎ᠠ᠃ ᠬᠥᠪᠦᠷᠡᠯ ᠰᠢᠯᠵᠢᠭᠦᠯᠦᠨ ᠪᠣᠶᠢᠵᠢᠭᠤᠯᠤᠭᠰᠠᠨ ᠵᠡᠭᠦᠨ | ᠹᠷᠸᠦᠶᠢᠰᠧᠨ ᠪᠣᠯᠤᠨ ᠰᠠᠹᠦᠺ ᠬᠤᠷᠠᠭ᠎ᠠ ᠨᠤᠭᠤᠳ ᠲᠤᠩ ᠬᠥᠭᠡᠷᠦᠬᠦᠨ᠂ ᠨᠢᠭᠡ ᠨᠢᠭᠡ ᠪᠠᠷ ᠢᠶᠠᠨ ᠴᠢᠬᠢ ᠪᠠᠨ | ᠰᠡᠷᠲᠡᠶᠢᠯᠭᠡᠵᠦ᠂ ᠪᠥᠭᠡᠷᠡᠩᠬᠡᠢ ᠲᠣᠯᠣᠭᠠᠢ ᠪᠠᠨ ᠭᠤᠳᠣᠶᠢᠯᠭᠠᠨ᠂ ᠬᠠᠶᠠ ᠲᠣᠯᠣᠭᠠᠢ ᠪᠦᠬᠦᠶᠢᠨ ᠡᠪᠡᠰᠦ ᠢᠳᠡᠵᠦ᠂ | ᠬᠠᠶᠠ ᠡᠷᠭᠢᠨ ᠲᠣᠭᠤᠷᠢᠨ ᠢ ᠰᠣᠨᠢᠭᠤᠴᠢᠯᠠᠨ ᠬᠠᠷᠠᠨ᠎ᠠ᠃ ︽ᠮᠠᠨ ᠤ ᠬᠤᠷᠰᠢᠶ᠎ᠠ ᠨᠢ ᠬᠤᠶᠠᠷ ᠪᠦᠯᠦᠭ ᠤᠳᠠᠭ᠎ᠠ | ᠬᠦᠪᠦᠷᠡᠯ ᠰᠢᠯᠵᠢᠭᠦᠯᠵᠦ᠂ ᠪᠠᠷᠤᠭ 380 ᠡᠮ᠎ᠡ ᠬᠤᠨᠢᠨ ᠳᠤ ᠬᠥᠪᠥᠷᠡᠯ ᠰᠢᠯᠵᠢᠭᠦᠯᠵᠦ᠂ ᠣᠳᠣᠬᠠᠨ ᠳᠤ | ᠡᠳᠡᠭᠡᠷᠡᠯᠲᠡ ᠶᠢᠨ ᠨᠤᠷᠮ᠎ᠠ ᠨᠢ 85% ᠣᠷᠴᠢᠮ ᠬᠦᠷᠴᠦ ᠪᠠᠶᠢᠨ᠎ᠠ᠃ ᠲᠤᠬᠠᠶ ᠶᠢᠨ ᠦᠶ᠎ᠡ ᠳᠤ ᠵᠠᠬ᠎ᠠ ᠳᠡᠯᠭᠡᠭᠦᠷ ᠤᠨ | ᠪᠠᠶᠢᠴᠠᠭᠠᠨ ᠰᠤᠳᠤᠯᠤᠯᠲᠠ ᠶᠢ ᠦᠨᠳᠦᠰᠦᠯᠡᠭᠡᠳ᠂ ᠵᠡᠭᠦᠨ ᠹᠷᠸᠦᠶᠢᠰᠧᠨ ᠪᠣᠯᠤᠨ ᠰᠠᠹᠦᠺ ᠡᠭᠦᠯᠳᠡᠷ ᠢᠶᠠᠷ ᠲᠣᠭᠲᠠᠭᠠᠪᠠ | ᠂ ᠲᠤᠰ ᠬᠤᠶᠠᠷ ᠡᠭᠦᠯᠳᠡᠷ ᠤᠨ ᠳᠠᠪᠠᠭᠤᠯᠢᠭ ᠲᠠᠯ᠎ᠠ ᠨᠢ ᠭᠤᠤᠯᠳᠠᠭᠤ ᠮᠢᠬᠠᠨ ᠤ ᠭᠠᠷᠤᠯᠲᠠ ᠥᠨᠳᠥᠷ᠂ ᠲᠥᠯ | ᠣᠯᠠᠨᠲᠠᠢ᠂ ᠨᠣᠣᠰᠣ ᠠᠷᠪᠢᠨ᠂ ᠰᠦ ᠰᠠᠶᠢᠲᠠᠢ︾ ᠭᠡᠵᠦ ᠵᠠᠩ ᠭᠤᠸᠠᠨ ᠱᠧ ᠰᠤᠷᠪᠤᠯᠵᠢᠯᠠᠭᠴᠢ ᠳᠤ ᠲᠠᠨᠢᠯᠴᠠᠭᠤᠯᠪᠠ᠃ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠲᠦᠯᠬᠢᠨ ᠠᠬᠢᠭᠤᠯᠵᠤ᠂ ᠰᠢᠯᠢᠳᠡᠭ ᠠᠯᠠᠰᠢᠨ ᠬᠤᠨᠢᠨ ᠤ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ | ᠳᠡᠯᠭᠡᠷᠡᠭᠦᠯᠬᠦ ᠶᠢ ᠲᠦᠷᠭᠡᠳᠬᠡᠬᠦ ᠶᠢᠨ ᠬᠠᠮᠲᠤ ᠮᠠᠯ ᠪᠡᠯᠴᠢᠭᠡᠷ ᠤᠨ ᠲᠡᠩᠴᠡᠭᠦᠷᠢ ᠶᠢ ᠪᠣᠳᠠᠲᠠᠶ ᠠᠳᠬᠤᠬᠤ ᠶᠢᠨ | ᠲᠤᠰᠠᠳᠠ᠂ ᠰᠢ ᠾᠧ ᠰᠢᠶᠠᠩ ᠬᠦᠪᠦᠷᠡᠯ ᠰᠢᠯᠵᠢᠭᠦᠯᠬᠦ ᠳᠤ ᠲᠦᠰᠢᠭᠯᠡᠨ᠂ ᠴᠥᠭᠡᠨ ᠲᠡᠵᠢᠭᠡᠬᠦ᠂ ᠨᠠᠷᠢᠯᠢᠭ ᠲᠡᠵᠢᠭᠡᠬᠦ | ᠵᠠᠮ ᠢᠶᠠᠷ ᠵᠠᠮᠨᠠᠭᠰᠠᠨ ᠪᠠᠶᠢᠨ᠎ᠠ᠃ ᠬᠦᠪᠦᠷᠡᠯ ᠰᠢᠯᠵᠢᠭᠦᠯᠬᠦ ᠨᠢ ᠰᠠᠶᠢᠨ ᠡᠭᠦᠯᠳᠡᠷ ᠤᠨ ᠡᠮ᠎ᠡ ᠬᠤᠨᠢ ᠪᠠᠷ ᠬᠠᠩᠭᠠᠭᠴᠢ | ᠪᠣᠯᠭᠠᠵᠤ ᠨᠡᠩ ᠣᠯᠠᠨ ᠰᠠᠶᠢᠨ ᠡᠭᠦᠯᠳᠡᠷ ᠤᠨ ᠬᠦᠪᠦᠷᠡᠯ ᠢ ᠪᠣᠶᠢᠵᠢᠭᠤᠯᠵᠤ᠂ ᠡᠩ ᠤᠨ ᠡᠮ᠎ᠡ ᠬᠤᠨᠢ ᠶᠢ ᠠᠰᠢᠭᠯᠠᠨ | ᠰᠠᠶᠢᠨ ᠡᠭᠦᠯᠳᠡᠷ ᠤᠨ ᠬᠤᠨᠢ ᠶᠢ ᠪᠣᠶᠢᠵᠢᠭᠤᠯᠤᠭᠠᠳ᠂ ᠴᠢᠨᠠᠷ ᠰᠠᠶᠢᠲᠠᠢ ᠠᠯᠠᠰᠢᠨ ᠬᠤᠨᠢᠨ ᠤ ᠦᠷᠡᠵᠢᠬᠦ | ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ ᠬᠤᠷᠰᠢᠶᠠᠨ ᠤ ᠡᠷᠡᠭᠦᠯ ᠢᠶᠠᠷ ᠦᠰᠦᠨ ᠪᠤᠶᠢᠵᠢᠵᠤ ᠪᠠᠶᠢᠭ᠎ᠠ | ᠬᠤᠷᠠᠭ᠎ᠠ ᠪᠣᠯ ᠬᠦᠪᠦᠷᠡᠯ ᠰᠢᠯᠵᠢᠭᠦᠯᠬᠦ ᠠᠮᠢᠳᠤ ᠪᠣᠳᠠᠰ ᠤᠨ ᠮᠡᠷᠭᠡᠵᠢᠯ ᠤᠨ ᠦᠷ᠎ᠡ ᠪᠦᠲᠦᠭᠡᠯ ᠪᠠᠶᠢᠵᠤ᠂ ᠪᠠᠰᠠ ᠲᠣᠰ | ᠤᠳᠠᠭᠠᠨ ᠤ ᠬᠦᠪᠦᠷᠡᠯ ᠰᠢᠯᠵᠢᠭᠦᠯᠦᠨ ᠦᠷᠡᠵᠢᠭᠦᠯᠦᠭᠡᠳ ᠠᠮᠵᠢᠯᠲᠠ ᠣᠯᠤᠭᠰᠠᠨ ᠤ ᠪᠡᠯᠭᠡ ᠲᠡᠮᠳᠡᠭ ᠪᠣᠯᠬᠤ ᠶᠤᠮ᠃ | ᠲᠠᠰᠤᠷᠠᠯᠲᠠ ᠦᠭᠡᠢ ᠰᠣᠨᠣᠰᠳᠠᠬᠤ ᠬᠤᠷᠠᠭ᠎ᠠ ᠢᠰᠢᠭᠡ ᠶᠢᠨ ᠳᠠᠭᠤᠨ ᠢ ᠰᠣᠨᠣᠰᠤᠭᠠᠳ ᠵᠠᠩ ᠭᠤᠸᠠᠨ ᠱᠧ | ᠢᠲᠡᠭᠡᠯ ᠲᠡᠭᠦᠯᠳᠡᠷ ᠢᠶᠠᠷ ᠰᠤᠷᠪᠤᠯᠵᠢᠯᠠᠭᠴᠢ ᠳᠤ᠄ ︽ᠡᠨᠡ ᠤᠳᠠᠭᠠᠨ ᠤ ᠬᠦᠪᠦᠷᠡᠯ ᠰᠢᠯᠵᠢᠭᠦᠯᠦᠭᠰᠡᠨ ᠨᠢ ᠮᠠᠰᠢ | ᠠᠮᠵᠢᠯᠲᠠ ᠲᠠᠢ᠂ ᠰᠡᠭᠦᠯᠴᠢ ᠶᠢᠨ ᠬᠤᠭᠤᠴᠠᠭᠠᠨ ᠳᠤ ᠪᠢᠳᠡ ᠰᠢᠯᠢᠳᠡᠭ ᠡᠭᠦᠯᠳᠡᠷ ᠤᠨ ᠬᠤᠴᠠ ᠶᠢ ᠡᠷᠬᠢᠨ | ᠲᠣᠭᠤᠷᠢᠨ ᠤ ᠲᠠᠷᠢᠶᠠᠴᠢᠨ ᠡᠷᠦᠬᠡ ᠳᠤ ᠬᠠᠩᠭᠠᠵᠤ᠂ ᠠᠯᠠᠰᠢᠨ ᠬᠤᠨᠢᠨ ᠤ ᠦᠢᠯᠡᠳᠪᠦᠷᠢᠯᠡᠯ ᠤᠨ ᠦᠷ᠎ᠡ ᠪᠦᠲᠦᠮᠵᠢ | ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ ᠶᠢ ᠪᠡᠶᠡᠯᠡᠭᠦᠯᠵᠦ᠂ ᠪᠠᠰᠠ | ᠲᠡᠵᠢᠭᠡᠨ ᠦᠷᠡᠵᠢᠭᠦᠯᠬᠦ ᠡᠷᠦᠬᠡ ᠶᠢᠨ ᠠᠰᠢᠭ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠦᠢᠯᠡᠳᠪᠦᠷᠢᠯᠡᠯ ᠤᠨ ᠴᠢᠳᠠᠪᠬᠢ ᠪᠠ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠳᠠᠮᠵᠢᠭᠤᠯᠤᠨ᠂ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠠᠰᠠᠭᠤᠳᠠᠯ ᠢ ᠳᠠᠮ ᠢᠶᠠᠷ | ᠰᠢᠢᠳᠪᠦᠷᠢᠯᠡᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠦᠨ | ᠂ ᠮᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ᠎ᠡ︾ ᠭᠡᠵᠦ ᠲᠠᠨᠢᠯᠴᠠᠭᠤᠯᠪᠠ᠃ |