ᠥᠯᠢᠭᠡᠷ ᠠᠪᠬᠤ᠂ ᠡᠮᠦᠨ᠎ᠡ ᠬᠤᠭᠤᠴᠠᠭᠠᠨ ᠤ ᠰᠢᠢᠳᠪᠦᠷᠢᠯᠡᠯ ᠂ ᠪᠠᠶᠢᠴᠠᠭᠠᠨ ᠬᠡᠮᠵᠢᠬᠦ᠂ ᠲᠤᠭ᠎ᠠ | ᠪᠠᠷᠢᠮᠲᠠ ᠶᠢ ᠵᠠᠳᠠᠯᠬᠤ ᠠᠴᠠ ᠠᠪᠤᠭᠠᠳ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠭᠠᠷᠭᠠᠬᠤ ᠬᠦᠷᠲᠡᠯ᠎ᠡ᠂ ᠳᠠᠷᠬᠠᠨ | ᠮᠤᠤᠮᠢᠩᠭᠠᠨᠬᠤᠯᠪᠤᠭᠠᠳᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠴᠥᠮ ᠪᠡᠶᠡᠯᠡᠭᠦᠯᠵᠦ ᠪᠣᠯᠤᠨ᠎ᠠ᠂ | 2024 ᠣᠨ ᠤ 5 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠬᠤᠤᠰ ᠭᠡᠷᠡᠴᠢᠯᠡᠯ ᠤᠨ ᠦᠨᠡᠮᠯᠡᠯ ᠢ | ᠣᠯᠤᠭᠰᠠᠨ ᠠᠴᠠ ᠨᠠᠰᠢ᠂ ᠲᠣᠰ ᠲᠤᠷᠰᠢᠯᠲᠠ ᠶᠢᠨ ᠲᠠᠰᠤᠭ ᠨᠢᠭᠡᠨᠲᠡ 180 ᠪᠦᠯᠦᠭ ᠤᠳᠠᠭ᠎ᠠ ᠵᠤᠷᠰᠢᠯ ᠶᠣᠰᠣᠭᠠᠷ | ᠬᠢᠨᠠᠨ ᠬᠡᠮᠵᠢᠯᠲᠡ ᠬᠢᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠨᠢ | ᠬᠤᠸᠠᠩ ᠬᠤᠸᠠ ᠲᠠᠨ ᠤ ᠪᠣᠬᠢᠷᠲᠤᠯ ᠥᠬᠡᠶ ᠢᠳᠡᠭᠡᠨ ᠤ ᠬᠦᠷᠢᠶᠡᠯᠡᠩ ᠲᠣᠭᠤᠷᠢᠭ ᠤᠨ ᠬᠤᠶᠠᠳᠤᠭᠠᠷ | ᠳᠠᠪᠬᠤᠷᠯᠢᠭ ᠲᠤ ᠪᠠᠶᠢᠷᠢᠯᠠᠵᠤ᠂ 2023 ᠣᠨ ᠤ ᠡᠴᠦᠰ ᠠᠴᠠ ᠡᠬᠢᠯᠡᠨ ᠪᠡᠯᠡᠳᠬᠡᠵᠦ᠂ 2024 ᠣᠨ ᠤ 5 | ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ︵CMA︶ ᠦᠨᠡᠮᠯᠡᠯ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠰᠢᠯᠭᠠᠯᠲᠠ ︵CATL︶ ᠶᠢᠨ | ᠦᠨᠡᠮᠯᠡᠯ ᠢ ᠣᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠭᠡᠨᠲᠡ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ ᠳᠤ ᠨᠠᠩ | ᠣᠨᠣᠪᠴᠢᠲᠠᠶ᠂ ᠨᠠᠶᠢᠳᠠᠪᠤᠷᠢᠲᠠᠶ ᠪᠥᠭᠡᠳ ᠬᠠᠤᠯᠢ ᠴᠠᠭᠠᠵᠠ ᠶᠢᠨ ᠬᠦᠴᠦᠨ ᠲᠠᠢ ᠮᠡᠷᠭᠡᠵᠢᠯ ᠤᠨ ᠦᠢᠯᠡᠴᠢᠯᠡᠭᠡᠨ ᠤ | ᠴᠢᠳᠠᠪᠤᠷᠢ ᠶᠢ ᠪᠦᠷᠢᠯᠳᠦᠭᠦᠯᠵᠦ᠂ ᠨᠡᠶᠢᠭᠡᠮ ᠳᠤ ᠡᠷᠬᠡ ᠰᠦᠷᠲᠦ ᠴᠢᠨᠠᠷᠲᠠᠶ ᠪᠠᠶᠢᠴᠠᠭᠠᠨ ᠰᠢᠯᠭᠠᠭᠰᠠᠨ ᠬᠡᠮᠵᠢᠯᠲᠡ ᠶᠢᠨ | ᠲᠤᠭ᠎ᠠ ᠪᠠᠷᠢᠮᠲᠠ ᠪᠠ ᠦᠷ᠎ᠡ ᠳ᠋ᠦᠩ ᠢ ᠭᠠᠷᠭᠠᠵᠤ ᠪᠣᠯᠬᠤ ᠶᠢ ᠬᠠᠷᠠᠭᠤᠯᠵᠤ ᠪᠠᠶᠢᠨ᠎ᠠ᠃ ᠣᠳᠣᠬᠠᠨ ᠳᠤ | ᠲᠤᠷᠰᠢᠯᠲᠠ ᠶᠢᠨ ᠲᠠᠰᠤᠭ ᠮᠠᠯ ᠤᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠬᠤ 6 ᠪᠣᠯᠵᠣᠯᠲᠤ ᠲᠤᠭ᠎ᠠ᠂ | ᠲᠠᠷᠢᠶᠠᠨ ᠡᠮ ᠤᠨ ᠦᠯᠡᠳᠡᠭᠳᠡᠯ ᠤᠨ 23 ᠪᠣᠯᠵᠣᠯᠲᠤ ᠲᠤᠭ᠎ᠠ᠂ ᠰᠢᠯᠭᠠᠨ ᠪᠠᠶᠢᠴᠠᠭᠠᠬᠤ ᠵᠠᠭᠪᠤᠷ ᠤᠨ ᠲᠥᠷᠥᠯ | ᠵᠦᠢᠯ ᠨᠢ ᠭᠠᠭ᠋ᠠᠶ ᠶᠢᠨ ᠮᠢᠬ᠎ᠠ᠂ ᠲᠠᠬᠢᠶᠠᠨ ᠮᠢᠬ᠎ᠠ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ | ᠬᠠᠮᠤᠷᠴᠠᠢ᠃ ᠲᠤᠷᠰᠢᠯᠲᠠ ᠶᠢᠨ ᠲᠠᠰᠤᠭ ᠨᠢ 2024 ᠣᠨ ᠳᠤ ᠬᠤᠰᠢᠭᠤᠨ ᠤ ᠲᠣᠰ ᠱᠠᠲᠤᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠤᠷᠰᠢᠯᠲᠤ ᠬᠢᠨᠠᠨ | ᠬᠡᠮᠵᠢᠯᠲᠡ ᠶᠢᠨ ᠡᠭᠦᠷᠭᠡ ᠶᠢ ᠨᠡᠶᠢᠲᠡ 180 ᠪᠦᠯᠦᠭ ᠤᠳᠠᠭ᠎ᠠ ᠡᠭᠦᠷᠭᠡᠯᠡᠵᠦ᠂ ᠪᠠᠶᠢᠴᠠᠭᠠᠨ ᠬᠡᠮᠵᠢᠯᠲᠡ ᠶᠢᠨ ᠬᠢᠷᠢ | ᠲᠡᠩᠴᠡᠭᠰᠡᠨ ᠨᠣᠷᠮ᠎ᠠ ᠨᠢ 100% ᠪᠣᠯᠤᠨ᠎ᠠ᠃ | ︽ᠪᠢᠳᠡ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠ ᠮᠡᠷᠭᠡᠵᠢᠯ ᠢᠶᠠᠷ ᠳᠠᠮᠵᠢᠭᠤᠯᠤᠨ᠂ ᠲᠠᠷᠢᠶᠠᠯᠠᠩ ᠤᠨ | ᠪᠦᠲᠦᠭᠡᠭᠳᠡᠬᠦᠨ ᠤ ᠲᠠᠷᠢᠶᠠᠨ ᠡᠮ ᠤᠨ ᠦᠯᠡᠳᠡᠭᠳᠡᠯ᠂ ᠮᠠᠯ ᠤᠨ ᠡᠮ ᠤᠨ ᠦᠯᠡᠳᠡᠭᠳᠡᠯ ᠵᠡᠷᠭᠡ ᠭᠦᠢᠴᠡᠳᠬᠡᠯ | ᠲᠤᠭ᠎ᠠ ᠳᠤ ᠪᠠᠶᠢᠴᠠᠭᠠᠨ ᠬᠡᠮᠵᠢᠯᠲᠡ ᠬᠢᠵᠦ᠂ ᠦᠢᠯᠡᠳᠪᠦᠷᠢᠯᠡᠭᠴᠢᠳ ᠢ ᠬᠠᠪᠰᠤᠷᠤᠨ ᠶᠠᠰᠤ ᠴᠢᠨᠠᠷ ᠢ | ᠡᠵᠡᠮᠳᠡᠭᠰᠡᠨ ᠢᠶᠠᠷ ᠪᠠᠷᠠᠬᠤ ᠥᠬᠡᠶ᠂ ᠪᠠᠰᠠ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠳᠤ ᠲᠤᠭ᠎ᠠ | ᠪᠠᠷᠢᠮᠲᠠ ᠶᠢᠨ ᠳᠡᠮᠵᠢᠯᠭᠡ ᠬᠠᠩᠭᠠᠵᠤ᠂ ᠬᠡᠷᠡᠭᠯᠡᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ | ᠪᠠᠳᠤᠯᠠᠪᠠ︾ ᠬᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠥᠪ ᠤᠨ ᠡᠷᠬᠢᠯᠡᠭᠴᠢ ᠹᠠᠨ ᠴᠢᠤᠸᠠᠨ ᠷᠦᠩ ᠢᠯᠡᠷᠭᠡᠶᠢᠯᠡᠵᠦ᠂ ᠲᠠᠷᠠᠭᠠᠴᠢ ᠶᠢᠨ ᠠᠯᠬᠤᠮ ᠳᠤ | ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ | ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ | ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠪᠠᠶᠢᠴᠠᠭᠠᠵᠤ ᠭᠠᠷᠭᠠᠬᠤ᠂ | ᠤᠨᠤᠪᠴᠢᠳᠠᠢ ᠪᠠᠶᠢᠴᠠᠭᠠᠬᠤ᠂ ᠲᠦᠷᠭᠡᠨ ᠪᠠᠶᠢᠴᠠᠭᠠᠬᠤ︾ ᠱᠠᠭᠠᠷᠳᠠᠯᠭ᠎ᠠ ᠶᠣᠰᠣᠭᠠᠷ᠂ ᠪᠣᠳᠠᠲᠤ ᠬᠦᠴᠦᠨ ᠢᠶᠠᠨ | ᠳᠡᠭᠡᠭᠰᠢᠯᠡᠭᠦᠯᠬᠦ᠂ ᠡᠩᠨᠡᠭᠡ ᠶᠢᠨ ᠪᠠᠶᠢᠭᠤᠯᠤᠯᠲᠠ᠂ ᠪᠣᠬᠢᠷᠲᠤᠯ ᠥᠬᠡᠶ ᠡᠭᠦᠳᠦᠨ ᠪᠠᠶᠢᠭᠤᠯᠬᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠳᠥᠷᠪᠡᠨ ᠲᠠᠯ᠎ᠠ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ | ᠂ ᠮᠠᠨ ᠤ ᠬᠤᠰᠢᠭᠤᠨ ᠤ ᠶᠠᠰᠤ ᠴᠢᠨᠠᠷ ᠲᠠᠢ ᠪᠠᠷ ᠲᠠᠷᠢᠶᠠᠯᠠᠩ ᠢ ᠬᠥᠭᠵᠢᠭᠦᠯᠬᠦ᠂ ᠨᠠᠷᠠᠲᠤ ᠲᠡᠮᠳᠡᠭᠲᠦ ᠶᠢ ᠨᠠᠩ | ᠴᠢᠨᠠᠷᠵᠢᠭᠤᠯᠬᠤ᠂ ᠨᠠᠩ ᠰᠢᠨᠵᠢᠯᠡᠬᠦ ᠤᠬᠠᠭᠠᠨᠴᠢ᠂ ᠨᠠᠩ ᠥᠨᠳᠥᠷ ᠪᠦᠲᠦᠮᠵᠢᠲᠡᠶ ᠮᠡᠷᠭᠡᠵᠢᠯ ᠤᠨ ᠦᠢᠯᠡᠴᠢᠯᠡᠭᠡ | ᠬᠠᠩᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠤᠷ ᠲᠦᠪᠰᠢᠨ ᠤ ᠬᠡᠮ ᠰᠣᠭᠤᠭ ᠢ | ᠡᠬᠢ ᠡᠭᠦᠰᠦᠯ ᠠᠴᠠ ᠨᠢ ᠬᠤᠷᠢᠭᠯᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃ |