2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠬᠠᠪᠴᠢᠯ ᠤᠰᠤᠨ ᠴᠥᠭᠦᠷᠥᠮ᠂ ᠪᠠᠲᠤᠬᠠᠭᠠᠯᠭ᠎ᠠ ᠶᠢᠨ ᠨᠠᠭᠠᠳᠤᠮ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ | ᠭᠦᠨᠵᠡᠭᠡᠶᠢᠷᠡᠵᠦ᠂ ᠤᠰᠤᠨ ᠴᠥᠭᠦᠷᠥᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠲᠠᠷᠭᠤᠨ | ᠭᠤᠤᠯ ᠤᠨ ᠠᠮᠢ ᠠᠬᠤᠶ ᠶᠢᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠵᠤ ᠶᠡᠷᠦᠩᠬᠡᠶᠢᠯᠡᠨ | ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠢᠶᠠ ᠪᠦᠦ ᠯᠢᠶᠠᠩ ᠵᠢᠷᠤᠭ ᠲᠦᠰᠦᠪ ᠢ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠤᠨ ᠲᠦᠢᠮᠣ ᠪᠠᠶᠢᠳᠠᠯ᠂ | ᠪᠥᠲᠥᠭᠡᠨ ᠪᠠᠶᠢᠭᠤᠯᠵᠤ ᠡᠵᠡᠩᠨᠡᠬᠦ᠂ ᠬᠦᠴᠦᠨ ᠵᠦᠢᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ | ᠪᠥᠭᠡᠳ ᠲᠥᠷᠥᠯ ᠵᠦᠢᠯ ᠢ ᠳᠥᠯᠭᠢᠨ ᠠᠬᠢᠭᠤᠯᠬᠤ ᠤᠴᠢᠷ ᠶᠠᠪᠤᠳᠠᠯ ᠢ ᠲᠤᠬᠠᠶ ᠶᠢᠨ ᠭᠠᠵᠠᠷ ᠲᠤᠨᠢ ᠰᠤᠳᠤᠯᠤᠨ | ᠵᠥᠪᠳᠡᠯᠴᠡᠪᠡ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠮᠥᠨ᠂ ᠠᠷᠠᠳ ᠣᠯᠠᠨ ᠤ ᠠᠵᠠ ᠵᠢᠷᠭᠠᠯ ᠪᠠ ᠣᠷᠣᠨ ᠨᠤᠲᠤᠭ ᠤᠨ ᠴᠢᠨᠠᠷ ᠰᠠᠶᠢᠲᠠᠶ | ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠰᠢᠨᠵᠢᠯᠡᠬᠦ ᠤᠬᠠᠭᠠᠨᠴᠢ ᠪᠠᠷ ᠲᠥᠰᠦᠯ ᠲᠣᠭᠲᠠᠭᠠᠵᠤ᠂ | ᠠᠵᠢᠯ ᠤᠨ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠰᠢᠯᠢᠳᠡᠭᠵᠢᠭᠦᠯᠵᠦ᠂ ᠮᠡᠷᠭᠡᠵᠢᠯ ᠤᠨ ᠵᠢᠯᠤᠭᠤᠳᠤᠯᠭ᠎ᠠ ᠶᠢ | ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠠᠷᠰᠢᠯᠠᠵᠤ ᠪᠠᠶᠢᠭ᠎ᠠ ᠠᠰᠠᠭᠤᠳᠠᠯ ᠪᠣᠯᠤᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ | ᠳᠣᠣᠷ᠎ᠠ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ᠂ | ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ᠃ | ᠦᠶᠡᠷ ᠢ ᠰᠡᠷᠭᠡᠶᠢᠯᠡᠬᠦ᠂ ᠤᠰᠤ ᠬᠠᠩᠭᠠᠬᠤ ᠪᠠᠷ ᠭᠤᠣᠯ ᠪᠣᠯᠭᠠᠵᠤ᠂ ᠠᠮᠢ ᠠᠬᠤᠢ᠂ ᠰᠣᠶᠣᠯ ᠵᠢᠭᠤᠯᠴᠢᠯᠠᠯ ᠪᠠ ᠠᠵᠤ | ᠦᠢᠯᠡᠳᠪᠦᠷᠢ ᠶᠢᠨ ᠬᠥᠭᠵᠢᠯᠲᠡ ᠶᠢ ᠬᠠᠮᠲᠤ ᠳᠤᠨᠢ ᠬᠠᠷᠠᠭᠠᠯᠵᠠᠵᠤ᠂ ᠢᠵᠢ ᠪᠦᠷᠢᠳᠦᠭᠦᠯᠬᠦ ᠪᠦᠳᠦᠭᠡᠨ | ᠪᠠᠶᠢᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠴᠢᠨᠠᠷ ᠰᠠᠶᠢᠲᠠᠢ ᠢᠨᠵᠧᠨᠧᠷᠢᠩ᠂ ᠠᠮᠤᠷ ᠲᠦᠪᠰᠢᠨ ᠤ | ᠢᠨᠵᠧᠨᠧᠷᠢᠩ ᠢ ᠪᠤᠢ ᠪᠣᠯᠭᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠭᠤᠷᠣᠨᠳᠣ ᠪᠠᠨ | ᠵᠣᠬᠢᠴᠠᠭᠤᠯᠤᠨ ᠬᠠᠮᠵᠢᠯᠴᠠᠵᠤ᠂ ᠬᠦᠴᠦᠲᠡᠢ ᠠᠬᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠥᠨᠳᠥᠷ | ᠪᠠᠷᠢᠮᠵᠢᠶᠠᠲᠤ ᠪᠦᠳᠦᠭᠡᠨ ᠪᠠᠶᠢᠭᠤᠯᠤᠯᠲᠠ᠂ ᠥᠨᠳᠥᠷ ᠲᠦᠪᠰᠢᠨ ᠢᠶᠠᠷ ᠬᠠᠮᠢᠶᠠᠷᠬᠤ᠂ ᠥᠨᠳᠥᠷ ᠦᠷ᠎ᠡ | ᠪᠦᠲᠦᠮᠵᠢᠲᠡᠢ ᠪᠠᠷ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠰᠢᠭᠤᠨ ᠤ ᠤᠳᠤᠷᠢᠳᠤᠯᠭ᠎ᠠ ᠴᠠᠩ ᠬᠤᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ | ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ |