ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠯᠠᠭᠤᠴᠤᠳ ᠤᠨ ᠣᠷᠣᠶ ᠶᠢᠨ ᠰᠤᠷᠭᠠᠭᠤᠯᠢ ᠵᠠᠯᠠᠭᠤ ᠨᠠᠰᠤᠨ ᠤ ᠬᠦᠰᠡᠯ ᠵᠡᠭᠦᠳᠦ  ᠶᠢ ᠲᠡᠷᠭᠡᠯᠰᠢᠬᠦᠯᠪᠡ
ᠨᠡᠶᠢᠲᠡᠯᠡᠭᠰᠡᠨ ᠴᠠᠭ᠄
2025/2/27
      ᠦᠳᠡᠰᠢ᠂ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠡ ᠠᠴᠠ ᠪᠠᠨ ᠭᠠᠷᠤᠭᠰᠠᠨ ᠵᠠᠯᠠᠭᠤᠴᠤᠳ ᠭᠡᠳᠦ ᠭᠡᠳᠦ ᠪᠠᠷ  ᠢᠶᠠᠨ ᠵᠠᠯᠠᠭᠤᠴᠤᠳ ᠤᠨ ᠣᠷᠣᠢ ᠶᠢᠨ ᠰᠤᠷᠭᠠᠭᠤᠯᠢ ᠳᠤ ᠤᠴᠢᠵᠠᠢ᠃ 2024 ᠣᠨ ᠠᠴᠠ ᠡᠬᠢᠯᠡᠨ᠂ ᠥᠷᠭᠡᠨ ᠣᠯᠠᠨ ᠵᠠᠯᠠᠭᠤᠴᠤᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠬᠤᠰᠢᠭᠤᠨ ᠤ ᠡᠪᠯᠡᠯ ᠤᠨ ᠬᠤᠷᠢᠶ᠎ᠠ ᠠᠴᠠ ᠵᠠᠯᠠᠭᠤᠴᠤᠳ ᠤᠨ ᠣᠷᠣᠶ ᠶᠢᠨ ᠰᠤᠷᠭᠠᠭᠤᠯᠢ ᠶᠢ ᠭᠠᠷᠭᠠᠵᠤ᠂ ᠥᠷᠭᠡᠨ ᠣᠯᠠᠨ ᠵᠠᠯᠠᠭᠤᠴᠤᠳ ᠤᠨ ᠰᠠᠶᠢᠨ ᠦᠨᠡᠯᠡᠯᠲᠡ ᠶᠢ ᠣᠯᠵᠤ᠂ ᠣᠲᠣ ᠪᠣᠯᠲᠠᠯ᠎ᠠ ᠨᠢᠭᠡᠨᠲᠡ 900 ᠭᠠᠷᠤᠶ ᠬᠥᠮᠦᠨ ᠤᠳᠠᠭ᠎ᠠ ᠳᠤ ᠦᠢᠯᠡᠴᠢᠯᠡᠭᠰᠡᠨ ᠪᠠᠶᠢᠨ᠎ᠠ᠃ 2 ᠰᠠᠷ᠎ᠠ ᠶᠢᠨ 18 ᠤ ᠡᠳᠦᠷ᠂ ᠬᠤᠰᠢᠭᠤᠨ ᠤ ᠡᠪᠯᠡᠯ ᠤᠨ ᠬᠤᠷᠢᠶ᠎ᠠ 2025 ᠣᠨ ᠤ ᠵᠠᠯᠠᠭᠤᠴᠤᠳ ᠤᠨ ᠣᠷᠣᠶ ᠶᠢᠨ ᠰᠤᠷᠭᠠᠭᠤᠯᠢ ᠲᠣᠭᠲᠠᠭᠰᠠᠨ ᠬᠤᠭᠤᠴᠠᠭᠠᠨ ᠳᠠᠭᠠᠨ ᠡᠬᠢᠯᠡᠵᠦ᠂ ᠮᠠᠰᠢ ᠣᠯᠠᠨ ᠵᠠᠯᠠᠭᠤᠴᠤᠳ ᠢᠳᠡᠪᠬᠢᠲᠡᠶ ᠪᠠᠷ ᠨᠡᠷ᠎ᠡ ᠮᠡᠳᠡᠭᠦᠯᠵᠡᠶ᠃      ︽ᠪᠠᠭᠰᠢ ᠡ᠂ ᠪᠠᠭᠰᠢ ᠡ ᠁︾  ᠸᠠᠭᠠᠷ ᠤᠨ ᠤᠷᠠᠯᠢᠭ ᠤᠨ ᠬᠢᠴᠢᠶᠡᠯ ᠤᠨ ᠲᠠᠩᠬᠢᠮ ᠳᠤ᠂ ᠰᠤᠷᠤᠯᠴᠠᠭᠰᠠᠳ ᠪᠠᠭᠰᠢ ᠪᠠᠨ ᠲᠠᠭᠤᠳᠠᠬᠤ ᠳᠠᠭᠤᠨ ᠲᠠᠰᠤᠷᠠᠯᠲᠠ ᠦᠭᠡᠢ ᠰᠣᠨᠣᠰᠳᠠᠵᠤ᠂ ᠸᠠᠭᠠᠷ ᠤᠨ ᠤᠷᠠᠯᠢᠭ ᠤᠨ ᠪᠠᠭᠰᠢ ᠱᠧᠩ ᠷᠦᠢ ᠶᠠᠨ ᠰᠤᠷᠤᠭᠴᠢᠳ ᠤᠨ ᠠᠰᠠᠭᠤᠯᠲᠠ ᠶᠢ ᠨᠠᠷᠢᠨ ᠨᠢᠮᠪᠠᠢ ᠬᠠᠷᠢᠭᠤᠯᠵᠤ᠂ ᠰᠤᠷᠤᠭᠴᠢᠳ ᠢᠶᠠᠨ ᠳᠠᠭᠠᠭᠤᠯᠤᠨ ᠰᠢᠪᠠᠷ  ᠢ ᠨᠤᠬᠤᠯᠠᠵᠤ᠂ ᠡᠭᠦᠰᠭᠡᠷ ᠲᠠᠳᠠᠬᠤ ᠪᠣᠯᠤᠨ ᠲᠦᠷᠰᠦ ᠱᠤᠭᠤᠵᠤ᠂ ᠸᠠᠭᠠᠷ ᠤᠨ ᠤᠷᠠᠯᠠᠯ ᠬᠢᠬᠦ ᠪᠠᠶᠠᠷ ᠪᠠᠭ᠋ᠠᠳᠤᠯ ᠢ ᠪᠡᠶᠡᠴᠢᠯᠡᠨ ᠣᠶᠢᠯᠠᠭᠠᠭᠤᠯᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠬᠦᠯᠵᠦ ᠪᠠᠶᠢᠯ᠎ᠠ᠃ ᠰᠤᠷᠤᠭᠴᠢᠳ ᠪᠠᠭᠰᠢ ᠶᠢᠨ ᠵᠢᠯᠣᠭᠤᠳᠤᠯᠭ᠎ᠠ ᠳᠣᠣᠷ᠎ᠠ᠂ ᠥᠪᠡᠷ ᠤᠨ ᠪᠦᠲᠦᠭᠡᠯ ᠢᠶᠠᠨ ᠠᠯᠬᠤᠮ ᠠᠯᠬᠤᠮ ᠢᠶᠠᠷ  ᠪᠡᠶᠡᠯᠡᠬᠦᠯᠵᠦ ᠂ ᠲᠦᠭᠦᠮ ᠬᠢᠯᠪᠠᠷ ᠴᠤᠮᠤ ᠂  ᠠᠶᠠᠭ᠎ᠠ ᠭᠡᠰᠡᠨ ᠦᠭᠡᠢ᠂ ᠤᠷᠠᠯᠢᠭ ᠤᠨ ᠴᠢᠨᠠᠷᠲᠠᠢ ᠱᠤᠭᠤᠮᠠᠯ ᠭᠡᠰᠡᠨ ᠦᠭᠡᠢ᠂  ᠸᠠᠭᠠᠷ ᠤᠨ ᠤᠷᠠᠯᠢᠭ ᠤᠨ ᠪᠠᠶᠠᠷ ᠪᠠᠭ᠋ᠠᠳᠤᠯ ᠢ ᠮᠡᠳᠡᠷᠡᠬᠦᠯᠵᠦ ᠂  ᠤᠯᠠᠮᠵᠢᠯᠠᠯᠳᠤ ᠰᠤᠶᠤᠯ ᠤᠨ ᠷᠢᠳᠢ ᠰᠢᠳᠢ  ᠶᠢ ᠢᠯᠡᠷᠡᠬᠦᠯᠪᠡ᠃ ᠴᠥᠮ ᠰᠤᠷᠤᠭᠴᠢᠳ ᠲᠤ ᠠᠮᠵᠢᠯᠲᠠ ᠣᠯᠤᠭᠰᠠᠨ ᠲᠦᠷᠦᠭᠳᠡᠯ ᠤᠯᠭᠤᠪᠠ᠃ ︽ᠳᠠᠷᠠᠭᠠᠴᠢ ᠶᠢᠨ ᠬᠡᠳᠦᠨ ᠬᠢᠴᠢᠶᠡᠯ ᠳᠡᠭᠡᠨ ᠪᠢᠳᠡ ᠣᠯᠠᠨ ᠤ ᠥᠨᠥᠳᠦᠷ ᠤᠨ ᠪᠦᠲᠦᠭᠡᠯ ᠢ ᠰᠢᠷᠠᠵᠤ ᠰᠢᠳᠠᠭᠠᠨ᠎ᠠ︾ ᠭᠡᠵᠦ ᠱᠧᠩ ᠪᠠᠭᠰᠢ ᠨᠢᠭᠡ ᠲᠠᠯ᠎ᠠ ᠪᠠᠷ ᠰᠤᠷᠤᠭᠴᠢᠳ ᠤᠨ ᠪᠦᠲᠦᠭᠡᠯ ᠢ ᠵᠠᠰᠠᠵᠤ  ᠲᠢᠭᠯᠡᠨ ᠨᠥᠭᠦᠭᠡ ᠲᠠᠯ᠎ᠠ ᠪᠠᠷ ᠰᠤᠷᠪᠤᠯᠵᠢᠯᠠᠭᠴᠢ ᠳᠤ ᠲᠠᠨᠢᠯᠴᠠᠭᠤᠯᠪᠠ᠃      ᠸᠠᠭᠠᠷ ᠤᠨ ᠤᠷᠠᠯᠢᠭ ᠤᠨ ᠬᠢᠴᠢᠶᠡᠯᠯᠡᠭᠴᠢ ᠰᠡᠴᠡᠨᠲᠠᠨ᠎ᠠ ᠰᠤᠷᠪᠤᠯᠵᠢᠯᠠᠭᠴᠢ ᠳᠤ ᠬᠡᠯᠡᠭᠰᠡᠨ ᠨᠢ᠂ ᠡᠨᠡ ᠵᠢᠯ ᠬᠤᠰᠢᠭᠤᠨ ᠤ ᠡᠪᠯᠡᠯ ᠤᠨ ᠬᠤᠷᠢᠶ᠎ᠠ  ᠣᠷᠣᠶ ᠶᠢᠨ ᠰᠤᠷᠭᠠᠭᠤᠯᠢ ᠡᠬᠢᠯᠡᠭᠰᠡᠨ ᠤ ᠳᠠᠷᠠᠭ᠎ᠠ᠂ ᠬᠡᠳᠦᠨ ᠨᠠᠶᠢᠵᠠ ᠲᠠᠢ ᠪᠠᠨ ᠪᠣᠯᠵᠣᠵᠤ ᠨᠡᠷ᠎ᠡ ᠪᠠᠨ ᠮᠡᠳᠡᠭᠦᠯᠵᠡᠢ᠃ ︽ᠡᠨᠡ ᠬᠦ  ᠬᠦᠯᠢᠴᠡᠩᠭᠦᠢ ᠪᠤᠰᠤ ᠨᠡᠶᠢᠭᠡᠮ ᠳᠤ ᠲᠦᠷ ᠴᠠᠭ ᠴᠤ ᠭᠡᠰᠡᠨ ᠲᠠᠷᠤᠭᠠᠰᠤ ᠦᠬᠡᠢ ᠪᠠᠶᠢᠬᠤ ᠶᠢᠨ ᠲᠦᠯᠦᠭᠡ᠂ ᠬᠠᠮᠲᠤ ᠶᠢᠨ ᠳᠤᠷ᠎ᠠ ᠰᠣᠨᠢᠷᠬᠠᠯ ᠲᠠᠢ ᠨᠠᠶᠢᠵᠠ ᠨᠠᠷ ᠲᠠᠢ ᠪᠠᠨ ᠬᠤᠷᠠᠨ ᠴᠤᠭᠯᠠᠷᠠᠵᠤ ᠬᠠᠮᠲᠤ ᠪᠠᠷ ᠪᠡᠶᠡᠴᠢᠯᠡᠨ  ᠤᠶᠢᠯᠠᠭᠠᠬᠤ ᠪᠠᠷ ᠪᠠᠶᠢᠨ᠎ᠠ ︾ ᠭᠡᠵᠦ ᠶᠠᠷᠢᠵᠤ ᠪᠠᠶᠢᠯ᠎ᠠ᠃  ᠰᠡᠴᠡᠨᠲᠠᠨ᠎ᠠ ᠨᠠᠮ ᠵᠢᠮ ᠰᠠᠭᠤᠨ ᠸᠠᠭᠠᠷ ᠤᠨ ᠤᠷᠠᠯᠢᠭ ᠢᠶᠠᠨ ᠬᠢᠨ᠎ᠡ ᠃      ︽ᠵᠠᠯᠠᠭᠤᠴᠤᠳ ᠤᠨ ᠣᠷᠣᠢ ᠶᠢᠨ ᠰᠤᠷᠭᠠᠭᠤᠯᠢ ᠪᠣᠯ ᠮᠠᠨ ᠤ ᠬᠤᠰᠢᠭᠤᠨ ᠤ ᠡᠪᠯᠡᠯ ᠤᠨ ᠬᠤᠷᠢᠶ᠎ᠠ  ᠠᠴᠠ ᠭᠠᠷᠭᠠᠭᠰᠠᠨ ᠵᠤᠭ᠎ᠠ ᠴᠡᠩᠭᠡᠯ ᠪᠠ ᠨᠡᠶᠢᠭᠡᠮ ᠤᠨ ᠬᠠᠷᠢᠯᠴᠠᠭᠠᠨ ᠤ ᠰᠢᠨᠵᠢ ᠴᠢᠨᠠᠷ ᠲᠠᠢ᠂ ᠮᠥᠨ ᠴᠤ ᠰᠣᠶᠣᠯ ᠤᠨ ᠰᠢᠨᠵᠢ ᠴᠢᠨᠠᠷ ᠪᠠ ᠣᠶᠤᠨ ᠰᠠᠨᠠᠭᠠᠨ ᠤ ᠰᠢᠨᠵᠢ ᠴᠢᠨᠠᠷ ᠲᠠᠢ ᠵᠠᠯᠠᠭᠤᠴᠤᠳ ᠤᠨ ᠲᠠᠪᠴᠠᠩ ᠢ ᠠᠭᠤᠰᠤᠯᠴᠠᠭᠤᠯᠵᠠᠶ︾  ᠭᠡᠵᠦ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠠᠯᠳᠠᠨᠪᠤᠳᠢ ᠲᠠᠨᠢᠯᠴᠠᠭᠤᠯᠬᠤ ᠳᠠᠭᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠯᠠᠭᠤᠴᠤᠳ ᠤᠨ ᠣᠷᠣᠢ ᠶᠢᠨ ᠰᠤᠷᠭᠠᠭᠤᠯᠢ 2024 ᠤᠨ ᠤ 5 ᠰᠠᠷ᠎ᠠ ᠳᠤ  ᠬᠢᠴᠢᠶᠡᠯ ᠡᠬᠢᠯᠡᠭᠰᠡᠨ ᠠᠴᠠ ᠨᠠᠰᠢ᠂ ᠮᠠᠰᠢ ᠣᠯᠠᠨ ᠵᠠᠯᠠᠭᠤᠴᠤᠳ ᠤᠨ ᠰᠠᠶᠢᠨ ᠦᠨᠡᠯᠡᠯᠲᠡ ᠶᠢ ᠣᠯᠵᠤ᠂ ᠬᠢᠴᠢᠶᠡᠯ ᠤᠨ ᠲᠥᠯᠥᠪᠯᠡᠭᠡ ᠳᠡᠭᠡᠷ᠎ᠡ᠂ ᠬᠤᠰᠢᠭᠤᠨ ᠤ ᠡᠪᠯᠡᠯ ᠤᠨ ᠬᠤᠷᠢᠶ᠎ᠠ  ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠵᠠᠯᠠᠭᠤᠴᠤᠳ ᠤᠨ ᠬᠡᠷᠡᠭᠴᠡᠭᠡ ᠶᠢ ᠥᠷᠭᠡᠨ ᠢᠶᠠᠷ ᠪᠠᠶᠢᠴᠠᠭᠠᠨ ᠰᠤᠳᠤᠯᠤᠨ᠂ ᠤᠷᠠᠨ ᠪᠢᠴᠢᠯᠭᠡ᠂ ᠭᠤᠶᠣᠯᠠᠯ᠂ ᠴᠠᠢ ᠶᠢᠨ ᠤᠷᠠᠯᠢᠭ ᠵᠡᠷᠭᠡ ᠠᠷᠪᠠ ᠭᠠᠷᠤᠢ ᠵᠦᠢᠯ ᠤᠨ ᠬᠢᠴᠢᠶᠡᠯ ᠨᠡᠭᠡᠭᠡᠵᠦ᠂ ᠠᠳᠠᠯᠢ ᠪᠤᠰᠤ ᠠᠵᠢᠯ ᠲᠦᠷᠦᠯ ᠤᠨ ᠬᠦᠷᠢᠶᠡᠨ ᠤ 12 ᠨᠡᠷᠡᠰ ︽ᠵᠠᠯᠠᠭᠤ ᠨᠠᠰᠤᠨ ᠤ ᠬᠤᠷᠰᠢᠭᠴᠢ︾ ᠶᠢ ᠲᠠᠲᠠᠵᠤ᠂ ᠨᠡᠶᠢᠳᠡ 900 ᠬᠥᠮᠦᠨ ᠤᠳᠠᠭ᠎ᠠ ᠳᠤ ᠦᠢᠯᠡᠴᠢᠯᠡᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠪᠯᠡᠯ ᠤᠨ ᠬᠤᠷᠢᠶ᠎ᠠ  ᠪᠠᠰᠠ ᠦᠷᠭᠦᠯᠵᠢᠯᠡᠨ ᠵᠠᠯᠠᠭᠤᠴᠤᠳ ᠤᠨ ᠰᠤᠷᠤᠯᠴᠠᠯᠭ᠎ᠠ᠂ ᠠᠵᠢᠯ᠂ ᠠᠮᠢᠳᠤᠷᠠᠯ ᠤᠨ ᠳᠤᠮᠳᠠᠬᠢ ᠪᠣᠳᠠᠲᠤ ᠬᠡᠷᠡᠭᠴᠡᠭᠡ ᠪᠠ ᠳᠤᠷ᠎ᠠ ᠰᠣᠨᠢᠷᠬᠠᠯ ᠤᠨ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠡᠪᠯᠡᠯ ᠤᠨ ᠬᠡᠷ ᠪᠦᠯᠢ ᠶᠢᠨ ᠵᠢᠭᠰᠠᠭᠠᠯ ᠤᠨ ᠭᠠᠵᠠᠷ ᠢ ᠰᠠᠶᠢᠲᠤᠷ ᠠᠰᠢᠭᠯᠠᠨ ᠨᠠᠩ ᠣᠯᠠᠨ ᠪᠠᠶᠠᠯᠢᠭ ᠰᠠᠶᠢᠬᠠᠨ ᠬᠢᠴᠢᠶᠡᠯ ᠪᠠ ᠠᠵᠢᠯᠯᠠᠭ᠎ᠠ ᠥᠷᠨᠢᠭᠦᠯᠬᠦ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号