AI  ᠶᠢ ᠬᠦᠷᠢᠶᠡᠯᠡᠵᠦ  ᠬᠦᠭᠵᠢᠬᠦᠯᠦᠶ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ  ᠬᠠᠮᠲᠤ ᠪᠠᠷ DeepSeek ᠰᠤᠷᠤᠯ᠊
ᠨᠡᠶᠢᠲᠡᠯᠡᠭᠰᠡᠨ ᠴᠠᠭ᠄
2025/2/28
      2 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠺᠠᠩ ᠴᠢᠩ ᠬᠤᠷᠠᠯ ᠡᠷᠭᠢᠯᠡᠪᠡ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠳ᠋ᠦ᠋ ᠶᠦᠩ ᠰᠢᠩ ︽DeepSeeek ᠪᠠ ᠵᠠᠰᠠᠭ ᠤᠨ ᠶᠠᠪᠤᠳᠠᠯ ᠤᠨ ᠢᠷᠡᠭᠡᠳᠦᠢ ᠲᠤᠬᠢᠶᠠᠯ ᠬᠢᠭᠡᠳ ᠦᠷᠢᠰᠦᠯᠳᠦᠭᠡᠨ︾  ᠢᠶᠠᠷ ᠭᠤᠤᠯ ᠰᠡᠳᠦᠪ ᠪᠤᠯᠭᠠᠨ᠂  DeepSeeek ᠶᠠᠭᠤ ᠪᠣᠯᠬᠤ᠂  DeepSeeek  ᠭᠡᠷᠬᠢᠨ ᠭᠡᠷᠡᠭᠯᠡᠬᠦ᠂ DeepSeek ᠵᠠᠰᠠᠭ ᠤᠨ ᠶᠠᠪᠤᠳᠠᠯ ᠤᠨ ᠲᠠᠯ᠎ᠠ ᠪᠠᠷ ᠬᠢ ᠬᠡᠷᠡᠭᠯᠡᠯᠲᠡ ᠵᠡᠷᠭᠡ ᠲᠠᠯ᠎ᠠ ᠪᠠᠷ ᠲᠤᠰᠬᠠᠶ ᠰᠡᠳᠦᠪ ᠢᠶᠠᠷ ᠲᠠᠶᠢᠯᠤᠮᠵᠢ ᠬᠢᠪᠠ︔ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᡁᠢ ᠭᠠᠩ ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠬᠦ︾ ᠶᠢᠨ ᠲᠣᠭᠤᠷᠢᠨ ᠳᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ᠂  ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ  ᠶᠢ ᠱᠠᠯᠠᠪᠳᠠᠭᠤᠯᠤᠨ ᠪᠠᠶᠢᠴᠠᠭᠠᠬᠤ ᠶᠢᠨ ᠤᠯᠤᠰ ᠲᠥᠷᠥ ᠶᠢᠨ ᠰᠢᠨᠵᠢ ᠴᠢᠨᠠᠷ ᠢ ᠬᠦᠨᠵᠡᠬᠡᠢ ᠡᠵᠡᠮᠰᠢᠬᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢ‌‍ᠱᠠᠯᠠᠪᠳᠠᠭᠤᠯᠤᠨ ᠪᠠᠶᠢᠴᠠᠭᠠᠬᠤ ᠲᠦᠷᠢᠮ ᠤᠨ ᠰᠢᠰᠲ᠋ᠧᠮ ᠪᠠ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ  ᠵᠡᠷᠭᠡ ᠲᠠᠪᠤᠨ ᠲᠠᠯ᠎ᠠ ᠠᠴᠠ ᠲᠠᠶᠢᠯᠤᠮᠵᠢ ᠬᠢᠪᠠ᠃     ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠢᠨ᠎ᠡ ᠮᠡᠷᠭᠡᠵᠢᠯ ᠢ ᠬᠦᠷᠢᠶᠡᠯᠡᠵᠦ᠂ DeepSeeek ᠵᠡᠷᠭᠡ ᠲᠣᠮᠣ ᠵᠠᠭᠪᠤᠷ ᠤᠨ ᠬᠡᠷᠡᠭᠯᠡᠬᠦ ᠠᠷᠭ᠎ᠠ ᠶᠢ ᠡᠵᠡᠮᠰᠢᠵᠦ᠂ ᠵᠣᠬᠢᠶᠠᠮᠠᠯ ᠣᠶᠤᠨᠴᠢ ᠲᠤᠰᠠᠯᠠᠬᠤ ᠰᠢᠢᠳᠪᠦᠷᠢᠲᠦ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠰᠠᠭᠤᠳᠠᠯ ᠢ ᠵᠠᠳᠠᠯᠤᠨ ᠰᠢᠢᠳᠪᠦᠷᠢᠯᠡᠵᠦ᠂ ᠰᠢᠨ᠎ᠡ ᠮᠡᠷᠭᠡᠵᠢᠯ ᠢ ᠠᠰᠢᠭᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ  ᠬᠠᠩᠭᠠᠵᠤ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ ᠭᠡᠵᠡᠶ᠃ ᠲᠠᠶᠢᠯᠤᠮᠵᠢ ᠶᠢᠨ ᠠᠭᠤᠯᠭ᠎ᠠ ᠠᠴᠠ ᠰᠢᠮ᠎ᠡ ᠲᠡᠵᠢᠭᠡᠯ ᠰᠢᠩᠭᠡᠭᠡᠨ ᠠᠪᠴᠤ᠂ ᠲᠤᠷᠰᠢᠯᠭ᠎ᠠ ᠪᠠᠷ ᠲᠤᠯᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠲᠠᠨᠢᠯᠲᠠ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠱᠠᠯᠠᠪᠳᠠᠭᠤᠯᠤᠨ ᠪᠠᠶᠢᠴᠠᠭᠠᠬᠤ ᠶᠠᠪᠤᠴᠠ᠂ ᠱᠠᠯᠠᠪᠳᠠᠭᠤᠯᠤᠨ ᠪᠠᠶᠢᠴᠠᠭᠠᠬᠤ ᠭᠤᠣᠯᠳᠠᠯᠭ᠎ᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠡᠷᠭᠡ ᠠᠭᠤᠯᠭ᠎ᠠ ᠶᠢ ᠰᠢᠰᠲ᠋ᠧᠮ ᠲᠠᠢ ᠣᠶᠢᠯᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠠᠵᠢᠯ ᠤᠨ ᠰᠡᠳᠬᠢᠴᠡ ᠪᠠᠨ ᠥᠷᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号