ᠰᠠᠷ᠎ᠠ ᠰᠢᠨ᠎ᠡ ᠶᠢᠨ ᠵᠢᠷᠤᠭ ᠨᠢ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠦᠨᠡᠲᠦ ᠡᠷᠳᠡᠨᠢ | ᠪᠣᠯᠤᠭᠰᠠᠨ ᠤ ᠬᠤᠪᠢ ᠳᠤ᠂ ᠬᠥᠮᠦᠰ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠠ ᠰᠢᠨ᠎ᠡ ᠨᠢᠭᠡ | ᠵᠢᠯ ᠤᠨ ᠰᠠᠶᠢᠨ ᠰᠠᠶᠢᠬᠠᠨ ᠬᠦᠰᠡᠯ ᠵᠥᠩᠨᠡᠯ ᠢ ᠠᠴᠢᠶᠠᠯᠠᠵᠤ ᠪᠠᠶᠢᠳᠠᠭ᠃ ᠡᠷᠲᠡᠨ ᠠᠴᠠ ᠣᠲᠣ ᠪᠣᠯᠲᠠᠯ᠎ᠠ᠂ | ᠰᠠᠷ᠎ᠠ ᠰᠢᠨ᠎ᠡ ᠶᠢᠨ ᠵᠢᠷᠤᠭ ᠪᠣᠯ ᠴᠠᠭᠠᠨ ᠰᠠᠷ᠎ᠠ ᠶᠢᠨ ᠬᠤᠭᠤᠴᠠᠭᠠᠨ ᠳᠤ ᠠᠶᠢᠯ ᠡᠷᠦᠬᠡ ᠪᠣᠯᠭᠠᠨ ᠤ ᠵᠠᠪᠠᠯ ᠪᠡᠯᠡᠳᠬᠡᠬᠦ | ᠵᠦᠢᠯ ᠪᠣᠯᠬᠤ ᠪᠠᠷ ᠪᠠᠷᠠᠬᠤ ᠥᠬᠡᠶ᠂ ᠨᠠᠩ ᠴᠤ ᠳᠤᠮᠳᠠᠳᠤ ᠶᠢᠨ ᠦᠨᠳᠦᠰᠦᠲᠡᠨ ᠤ ᠡᠯᠪᠡᠭ ᠪᠠᠶᠠᠯᠢᠭ ᠲᠡᠤᠬᠡ ᠰᠣᠶᠣᠯ | ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠠᠭᠤᠯᠤᠭᠳᠠᠵᠤ ᠪᠠᠶᠢᠳᠠᠭ᠃ ᠴᠠᠭᠠᠨ ᠰᠠᠷ᠎ᠠ ᠶᠢᠨ ᠬᠤᠭᠤᠴᠠᠭᠠᠨ ᠳᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠠᠷᠠᠳ ᠣᠯᠠᠨ ᠤ ᠣᠶᠤᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠬᠥᠷ ᠥᠯᠵᠡᠶ ᠪᠡᠯᠭᠡ ᠲᠠᠢ ᠴᠠᠭᠠᠨ ᠰᠠᠷ᠎ᠠ ᠶᠢᠨ | ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ 2025 ᠣᠨ ᠤ ︽ᠰᠢᠨ᠎ᠡ ᠠᠮᠢᠳᠤᠷᠠᠯ | ᠂ ᠰᠢᠨ᠎ᠡ ᠬᠡᠪ ᠰᠤᠷᠲᠠᠯ᠂ ᠰᠢᠨ᠎ᠡ ᠵᠢᠯ ᠤᠨ ᠵᠢᠷᠤᠭ︾ ᠤᠷᠠᠨ ᠵᠢᠷᠤᠭ ᠤᠨ ᠪᠦᠲᠦᠭᠡᠯ ᠤᠨ ᠰᠦᠯᠵᠢᠶᠡᠨ ᠲᠡᠭᠡᠷᠡᠬᠢ | ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠵᠦ᠂ ᠪᠥᠬᠦ ᠤᠯᠤᠰ ᠤᠨ ᠡᠯ᠎ᠡ ᠭᠠᠵᠠᠷ ᠤᠨ ᠰᠢᠯᠢᠳᠡᠭ ᠰᠠᠷ᠎ᠠ ᠰᠢᠨ᠎ᠡ ᠶᠢᠨ | ᠵᠢᠷᠤᠭ ᠤᠨ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠢᠳᠡᠨ ᠳᠤ ᠰᠠᠷ᠎ᠠ ᠰᠢᠨ᠎ᠡ ᠶᠢᠨ ᠵᠢᠷᠤᠭ | ᠰᠣᠨᠢᠷᠬᠠᠭᠤᠯᠵᠤ᠂ ᠤᠯᠠᠮᠵᠢᠯᠠᠯᠲᠤ ᠪᠠ ᠣᠲᠣ ᠦᠶ᠎ᠡ ᠶᠢᠨ ᠠᠭᠤᠰᠤᠯᠴᠠᠯ ᠢ ᠮᠡᠳᠡᠷᠡᠭᠦᠯᠵᠦ᠂ ᠤᠷᠠᠯᠢᠭ ᠤᠨ ᠬᠠᠷᠠᠭᠠᠨ | ᠰᠡᠷᠡᠯ ᠤᠨ ᠦᠪᠡᠳᠡᠭᠰᠢ ᠨᠠᠶᠢᠷ ᠢ ᠬᠢᠵᠦ᠂ ᠳᠤᠮᠳᠠᠳᠤ ᠤᠯᠤᠰ ᠤᠨ ᠰᠠᠷ᠎ᠠ ᠰᠢᠨ᠎ᠡ ᠶᠢᠨ ᠪᠠᠶᠠᠷ ᠢ ᠬᠠᠮᠲᠤ ᠪᠠᠷ ᠪᠠᠶᠠᠷ | ᠬᠥᠷ ᠲᠠᠢ ᠦᠩᠭᠡᠷᠡᠬᠦᠯᠪᠡ᠃ | | | | | | | | | | | | | | | | | | | | | | | | | | | |