ᠴᠠᠭᠠᠨ ᠰᠠᠷ᠎ᠠ ᠶᠢᠨ 8 ᠡᠳᠦᠷ ᠤᠨ ᠠᠮᠠᠷᠠᠯᠲᠠ ᠳᠤ ᠴᠠᠭ ᠨᠡᠮᠡᠵᠦ ᠠᠵᠢᠯᠯᠠᠭᠰᠠᠨ ᠴᠠᠯᠢᠩ ᠢ ᠶᠠᠭᠠᠬᠢᠵᠦ ᠪᠤᠳᠤᠬᠤ ᠪᠣᠶ︖
ᠨᠡᠶᠢᠲᠡᠯᠡᠭᠰᠡᠨ ᠴᠠᠭ᠄
2025/2/5
      ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠳᠤ ᠨᠡᠶᠢᠲᠡ 8 ᠡᠳᠦᠷ ᠴᠢᠯᠦᠭᠡ ᠲᠠᠯᠪᠢᠨ᠎ᠠ᠃ ᠡᠭᠦᠨ ᠳᠤ᠄ ᠪᠢᠲᠡᠭᠦᠨ ᠠᠴᠠ ᠰᠢᠨ᠎ᠡ ᠶᠢᠨ ᠭᠤᠷᠪᠠᠨ ︵1 ᠰᠠᠷ᠎ᠠ ᠶᠢᠨ 28 ᠤ ᠡᠳᠦᠷ ᠠᠴᠠ 1 ᠰᠠᠷ᠎ᠠ ᠶᠢᠨ 31 ᠤ ᠡᠳᠦᠷ ᠪᠣᠯᠲᠠᠯ᠎ᠠ︶ ᠪᠣᠯ ᠪᠦᠬᠦ ᠠᠷᠠᠳ ᠢᠷᠭᠡᠳ ᠤᠨ ᠠᠮᠠᠷᠠᠯᠲᠠ ᠲᠠᠯᠪᠢᠬᠤ ᠪᠠᠶᠠᠷ ᠤᠨ ᠡᠳᠦᠷ ᠪᠣᠯᠤᠨ᠎ᠠ᠂ ᠬᠥᠮᠦᠨ ᠬᠡᠷᠡᠭᠯᠡᠵᠦ ᠪᠠᠶᠢᠭ᠎ᠠ ᠨᠢᠭᠡᠴᠡ ᠨᠢ ᠬᠥᠳᠡᠯᠮᠦᠷᠢᠴᠢᠨ ᠢ ᠴᠠᠭ ᠨᠡᠮᠡᠵᠦ ᠠᠵᠢᠯᠯᠠᠭᠤᠯᠬᠤ ᠪᠠᠷ ᠲᠣᠬᠢᠷᠠᠭᠤᠯᠬᠤ ᠳᠤ ᠬᠦᠷᠪᠡᠯ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠴᠠᠭ ᠨᠡᠮᠡᠵᠦ ᠠᠵᠢᠯᠯᠠᠭᠤᠯᠤᠬᠰᠠᠨ ᠳᠤ ᠲᠣᠭᠠᠴᠠᠭᠳᠠᠨ᠎ᠠ᠂ ᠢᠡᠭᠭᠢᠪᠡᠯ ︽ᠴᠠᠯᠢᠩ ᠥᠭᠬᠦ ᠲᠤᠬᠠᠶ ᠲᠦᠷ ᠬᠡᠷᠡᠭᠵᠢᠭᠦᠯᠬᠦ ᠲᠣᠭᠲᠠᠭᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠳᠡᠯᠮᠦᠷᠢ ᠶᠢᠨ ᠭᠡᠷ᠎ᠡ ᠳᠤ ᠲᠣᠭᠲᠠᠭᠠᠭᠰᠠᠨ ᠬᠥᠳᠡᠯᠮᠦᠷᠢᠴᠢᠨ ᠤ ᠲᠤᠰ ᠬᠥᠮᠦᠨ ᠤ ᠡᠳᠦᠷ ᠤᠨ ᠪᠤᠶᠤ ᠴᠠᠭ ᠤᠨ ᠴᠠᠯᠢᠩ ᠤᠨ ᠪᠠᠷᠢᠮᠵᠢᠶ᠎ᠠ ᠶᠢᠨ 300 % ᠠᠴᠠ ᠳᠣᠣᠷ᠎ᠠ ᠦᠭᠡᠶ ᠪᠠᠷ ᠬᠥᠳᠡᠯᠮᠦᠷᠢᠴᠢᠨ ᠳᠤ ᠴᠠᠭ ᠨᠡᠮᠡᠵᠦ ᠠᠵᠢᠯᠯᠠᠭᠰᠠᠨ ᠴᠠᠯᠢᠩ ᠥᠭᠬᠦ ᠬᠡᠷᠡᠭᠲᠡᠶ᠂ ᠲᠡᠷᠡᠴᠢᠯᠡᠨ ᠴᠠᠭ ᠰᠣᠯᠢᠵᠤ ᠲᠤᠬᠢᠷᠠᠭᠤᠯᠤᠨ ᠠᠮᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠣᠷᠣᠯᠠᠭᠤᠯᠵᠤ ᠪᠣᠯᠬᠤ ᠦᠭᠡᠶ᠃ ᠰᠢᠨ᠎ᠡ ᠶᠢᠨ ᠳᠥᠷᠪᠡᠨ ᠠᠴᠠ ᠰᠢᠨ᠎ᠡ ᠶᠢᠨ ᠲᠤᠯᠤᠭᠠᠨ ︵2 ᠰᠠᠷ᠎ᠠ ᠶᠢᠨ 1 ᠤ ᠡᠳᠦᠷ ᠠᠴᠠ 2 ᠰᠠᠷ᠎ᠠ ᠶᠢᠨ 4 ᠤ ᠡᠳᠦᠷ ᠪᠣᠯᠲᠠᠯ᠎ᠠ︶ ᠪᠣᠯᠲᠠᠯ᠎ᠠ᠂ ᠬᠥᠮᠦᠨ ᠬᠡᠷᠡᠭᠯᠡᠵᠦ ᠪᠠᠶᠢᠭ᠎ᠠ ᠨᠢᠭᠡᠴᠡ ᠨᠢ ᠬᠥᠳᠡᠯᠮᠦᠷᠢᠴᠢᠨ ᠢ ᠴᠠᠭ ᠨᠡᠮᠡᠵᠦ ᠠᠵᠢᠯᠯᠠᠭᠤᠯᠬᠤ ᠪᠠᠷ ᠲᠣᠬᠢᠷᠠᠭᠤᠯᠬᠤ ᠳᠤ ᠬᠦᠷᠪᠡᠯ ᠠᠮᠠᠷᠠᠯᠲᠠ ᠶᠢᠨ ᠡᠳᠦᠷ ᠴᠠᠭ ᠨᠡᠮᠡᠵᠦ ᠠᠵᠢᠯᠯᠠᠭᠤᠯᠤᠬᠰᠠᠨ ᠳᠤ ᠲᠣᠭᠠᠴᠠᠭᠳᠠᠨ᠎ᠠ᠂ ᠬᠥᠮᠦᠨ ᠬᠡᠷᠡᠭᠯᠡᠵᠦ ᠪᠠᠶᠢᠭ᠎ᠠ ᠨᠢᠭᠡᠴᠡ ᠨᠢ ᠨᠥᠬᠦᠵᠦ ᠠᠮᠠᠷᠠᠭᠤᠯᠬᠤ ᠪᠠᠷ ᠲᠣᠬᠢᠷᠠᠭᠤᠯᠵᠤ ᠳᠡᠶᠢᠯᠬᠦ ᠥᠬᠡᠶ ᠪᠤᠯ ︽ᠴᠠᠯᠢᠩ ᠥᠭᠬᠦ ᠲᠦᠷ ᠬᠡᠷᠡᠭᠵᠢᠭᠦᠯᠬᠦ ᠲᠣᠭᠲᠠᠭᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠳᠡᠯᠮᠦᠷᠢ ᠶᠢᠨ ᠭᠡᠷ᠎ᠡ ᠳᠤ ᠲᠣᠭᠲᠠᠭᠠᠭᠰᠠᠨ ᠬᠥᠳᠡᠯᠮᠦᠷᠢᠴᠢᠨ ᠤ ᠲᠣᠰ ᠬᠥᠮᠦᠨ ᠤ ᠡᠳᠦᠷ ᠪᠤᠶᠤ ᠴᠠᠭ ᠤᠨ ᠴᠠᠯᠢᠩ ᠤᠨ ᠪᠠᠷᠢᠮᠵᠢᠶ᠎ᠠ ᠶᠢᠨ 200 % ᠠᠴᠠ ᠳᠤᠤᠷ᠎ᠠ ᠥᠬᠡᠶ ᠪᠠᠷ ᠬᠥᠳᠡᠯᠮᠦᠷᠢᠴᠢᠨ ᠳᠤ ᠴᠠᠭ ᠨᠡᠮᠡᠵᠦ ᠠᠵᠢᠯᠯᠠᠭᠰᠠᠨ ᠴᠠᠯᠢᠩ ᠥᠭᠬᠦ ᠬᠡᠷᠡᠭᠲᠡᠶ᠃       ᠲᠡᠭᠡᠪᠡᠯ ᠴᠠᠭ ᠨᠡᠮᠡᠵᠦ ᠠᠵᠢᠯᠯᠠᠭᠰᠠᠨ ᠴᠠᠯᠢᠩ ᠢ ᠬᠡᠷᠬᠢᠨ ᠪᠤᠳᠤᠬᠤ ᠪᠣᠶ︖       · ᠭᠤᠷᠪᠠᠨ ᠲᠠᠬᠢᠨ ᠡᠳᠦᠷ ᠤᠨ ᠴᠠᠯᠢᠩ = ᠰᠠᠷ᠎ᠠ ᠶᠢᠨ ᠴᠠᠯᠢᠩ ᠤᠨ ᠣᠷᠣᠯᠭ᠎ᠠ ÷ ᠰᠠᠷ᠎ᠠ ᠶᠢᠨ ᠴᠠᠯᠢᠩ ᠪᠤᠳᠤᠬᠤ ᠡᠳᠦᠷ ᠤᠨ ᠲᠤᠭ᠎ᠠ × 300 %       · ᠬᠤᠶᠠᠷ ᠳᠠᠬᠢᠨ ᠡᠳᠦᠷ ᠤᠨ ᠴᠠᠯᠢᠩ = ᠰᠠᠷ᠎ᠠ ᠶᠢᠨ ᠴᠠᠯᠢᠩ ᠤᠨ ᠣᠷᠣᠯᠭ᠎ᠠ ÷ ᠰᠠᠷ᠎ᠠ ᠶᠢᠨ ᠴᠠᠯᠢᠩ ᠪᠤᠳᠤᠬᠤ ᠡᠳᠦᠷ ᠤᠨ ᠲᠤᠭ᠎ᠠ × 200 %       · ᠰᠠᠷ᠎ᠠ ᠶᠢᠨ ᠴᠠᠯᠢᠩ ᠪᠤᠳᠤᠬᠤ ᠡᠳᠦᠷ ᠤᠨ ᠲᠤᠭ᠎ᠠ = ︵365 ᠡᠳᠦᠷ - 104 ᠡᠳᠦᠷ︶ ÷ 12 ᠰᠠᠷ᠎ᠠ = 21.75 ᠡᠳᠦᠷ ᠰᠠᠷ᠎ᠠ ᠶᠢᠨ ᠴᠠᠯᠢᠩ ᠨᠢ 5000 ᠲᠥᠭᠦᠷᠢᠭ ᠢᠶᠠᠷ ᠵᠢᠱᠢᠶᠡᠯᠡᠪᠡᠯ — ᠭᠤᠷᠪᠠᠨ ᠲᠡᠬᠢᠠ ᠡᠳᠦᠷ ᠤᠨ ᠴᠠᠯᠢᠩ = 5000 ÷ 21.75 × 300 % ≈689.66 ᠲᠥᠭᠦᠷᠢᠭ ᠬᠤᠶᠠᠷ ᠳᠠᠬᠢᠨ ᠡᠳᠦᠷ ᠤᠨ ᠴᠠᠯᠢᠩ = 5000 ÷ 21      . 75 × 200 %≈ 459.77 ᠲᠥᠭᠦᠷᠢᠭ ᠡᠶᠢᠮᠦ ᠠᠴᠠ ᠴᠠᠭᠠᠨ ᠰᠠᠷ᠎ᠠ ᠶᠢᠨ 8 ᠡᠳᠦᠷ ᠲᠤ ᠴᠠᠭ ᠨᠡᠮᠡᠵᠦ ᠠᠵᠢᠯᠯᠠᠭᠰᠠᠨ ᠴᠠᠯᠢᠩ ᠨᠢ᠄ 689.66 × 4 + 459.77 × 4 = 4597.72 ᠲᠥᠭᠦᠷᠢᠭ ᠪᠤᠯᠤᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号