︽ᠣᠯᠠᠨ ᠢᠶᠠᠷ ᠢᠶᠠᠨ ᠬᠤᠷᠳᠤᠨ ᠭᠠᠷᠴᠤ ᠢᠷ᠎ᠡ᠂ ᠭᠠᠯ ᠤᠨᠲᠠᠷᠠᠭᠠᠭᠴᠢ ᠪᠢᠳᠡᠨ ᠳᠤ ᠤᠰᠤ ᠬᠦᠷᠭᠡᠵᠦ | ᠢᠷᠡᠯ᠎ᠡ︾ ᠬᠡᠵᠦ ᠤᠰᠤᠨ ᠰᠠᠪᠠ ᠲᠠᠢ ᠭᠠᠯ ᠤᠨᠲᠠᠷᠠᠭᠠᠬᠤ ᠲᠡᠷᠭᠡ ᠶᠢ ᠤᠯᠵᠤ ᠬᠠᠷᠠᠭᠰᠠᠨ ᠪᠠᠲᠤᠬᠠᠭᠠᠯᠭ᠎ᠠ | ᠪᠠᠯᠭᠠᠰᠤᠨ ᠤ ᠪᠸᠢ ᠴᠧᠨ ᠰᠠᠭᠤᠭᠠᠯᠢ ᠠᠷᠠᠳ ᠤᠨ ᠲᠣᠭᠤᠷᠢᠭ ᠤᠨ ᠠᠷᠠᠳ ᠰᠡᠳᠬᠢᠯ ᠳᠣᠭᠳᠣᠯᠤᠨ ᠬᠠᠷᠢᠯᠴᠠᠨ | ᠨᠢᠬᠡ ᠨᠢᠭᠡᠨ ᠳᠤ ᠪᠠᠨ ᠴᠢᠮᠡᠭᠡ ᠲᠠᠮᠵᠢᠭᠤᠯᠪᠠ᠃ | ᠣᠶᠢᠷ᠎ᠠ ᠳᠤ᠂ ᠪᠸᠢ ᠴᠧᠨᠰᠠᠭᠤᠭᠠᠯᠢ ᠠᠷᠠᠳ ᠤᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ | ᠡᠪᠳᠡᠷᠡᠵᠦ ᠬᠠᠭᠠᠷᠠᠭᠰᠠᠨ ᠠᠰᠠᠭᠤᠳᠠᠯ ᠠᠴᠠ ᠪᠣᠯᠵᠣ ᠤᠰᠤ ᠵᠣᠭᠰᠣᠪᠠ᠂ ᠬᠡᠷᠡᠭ ᠭᠡᠨᠡᠳᠲᠡ ᠭᠠᠷᠤᠭᠰᠠᠨ ᠠᠴᠠ | ᠬᠠᠷᠢᠶ᠎ᠠ ᠣᠷᠣᠨ ᠤ ᠰᠠᠭᠤᠭᠠᠯᠢ ᠠᠷᠠᠳ ᠠᠮᠢᠳᠤᠷᠠᠯ ᠤᠨ ᠤᠰᠤ ᠪᠠᠨ ᠭᠦᠢᠴᠡᠳ ᠬᠠᠳᠠᠭᠠᠯᠠᠭᠰᠠᠨ ᠦᠭᠡᠢ ᠪᠠᠶᠢᠵᠤ᠂ | ᠰᠠᠭᠤᠭᠠᠯᠢ ᠠᠷᠠᠳ ᠤᠨ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠠᠶᠢᠨ᠎ᠠ᠃ | ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠳᠠᠮᠵᠢᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠭᠴᠢ ᠪᠠ ᠭᠠᠯ ᠤᠨᠲᠠᠷᠠᠭᠠᠬᠤ ᠲᠡᠷᠭᠡ ᠶᠢ | ᠰᠢᠯᠵᠢᠭᠦᠯᠦᠨ ᠲᠣᠮᠢᠯᠠᠵᠤ ᠤᠰᠤ ᠬᠦᠷᠭᠡᠵᠦ᠂ ᠣᠯᠠᠨ ᠲᠦᠮᠡᠨ ᠤ ᠪᠠᠴᠢᠮ ᠪᠠᠶᠢᠳᠠᠯ ᠢ ᠰᠢᠢᠳᠪᠦᠷᠢᠯᠡᠪᠡ᠃ | ᠭᠠᠯ ᠤᠨᠲᠠᠷᠠᠭᠠᠬᠤ ᠠᠩᠭᠢ ᠤᠳᠠᠯ ᠦᠭᠡᠶ ᠤᠰᠤ ᠠᠪᠴᠢᠷᠠᠵᠤ ᠦᠭᠬᠦ ᠭᠡᠵᠦ ᠪᠠᠶᠢᠨ᠎ᠠ᠃ ᠭᠠᠯ ᠤᠨᠲᠠᠷᠠᠭᠠᠬᠤ | ᠲᠡᠷᠭᠡ ᠬᠦᠷᠴᠦ ᠢᠷᠡᠮᠡᠭᠴᠡ ᠰᠠᠭᠤᠭᠠᠯᠢ ᠠᠷᠠᠳ ᠤᠰᠤᠨ ᠰᠠᠭᠤᠯᠠᠭ᠎ᠠ ᠪᠠᠷᠢᠵᠤ᠂ ᠭᠠᠯ ᠤᠨᠲᠠᠷᠠᠭᠠᠭᠴᠢ ᠶᠢᠨ | ᠵᠢᠯᠣᠭᠤᠳᠤᠯᠭ᠎ᠠ ᠳᠣᠤᠷ᠎ᠠ ᠡᠮᠬᠢ ᠵᠢᠷᠤᠮ ᠲᠠᠢ ᠪᠠᠷ ᠤᠰᠤ ᠲᠤᠰᠪᠠ᠃ ᠡᠨᠡ ᠬᠦ ᠬᠢᠯᠪᠠᠷ ᠪᠤᠰᠤ ᠪᠠᠷ ᠢᠷᠡᠭᠰᠡᠨ ︽ | ᠬᠠᠶᠢᠷ᠎ᠠ ᠬᠠᠯᠠᠮᠵᠢ ᠶᠢᠨ ᠠᠮᠲᠠᠲᠤ ᠷᠠᠰᠢᠶᠠᠨ︾ ᠢᠶᠠᠨ ᠰᠠᠭᠤᠯᠭ᠎ᠠ ᠰᠠᠭᠤᠯᠭ᠎ᠠ ᠪᠠᠷ ᠲᠣᠰᠴᠤ᠂ ᠣᠯᠠᠨ ᠤ ᠴᠢᠷᠠᠢ ᠳᠤ | ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠲᠣᠳᠣᠷᠠᠪᠠ᠃ ︽ᠭᠡᠷ ᠲᠤ ᠪᠠᠨ ᠵᠢᠭᠠᠬᠠᠨ ᠴᠦ ᠤᠰᠤ ᠬᠠᠳᠠᠭᠠᠯᠠᠭᠰᠠᠨ | ᠦᠭᠡᠢ᠂ᠤᠬᠢᠶᠠᠵᠤ ᠠᠷᠴᠢᠬᠤ ᠵᠡᠷᠭᠡ ᠪᠦᠬᠦ ᠶᠠᠭᠤᠮ᠎ᠠ ᠴᠦᠮ ᠳᠥᠭᠦᠮ ᠦᠭᠡᠢ ᠪᠠᠶᠢᠵᠤ᠂ ᠲᠠ ᠨᠠᠷ ᠪᠢᠳᠠᠨ ᠤ | ᠬᠦᠴᠢᠷᠳᠡᠯ ᠢ ᠰᠢᠢᠳᠪᠦᠷᠢᠯᠡᠵᠦ ᠦᠭᠴᠠᠢ︾ ᠬᠡᠵᠦ ᠲᠤᠬᠠᠶ ᠶᠢᠨ ᠲᠠᠯᠠᠪᠤᠷ ᠲᠤ ᠤᠰᠤ ᠲᠤᠰᠤᠭᠰᠠᠨ ᠰᠠᠭᠤᠭᠠᠯᠢ | ᠠᠷᠠᠳ ᠭᠠᠯ ᠤᠨᠲᠠᠷᠠᠭᠠᠭᠴᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠤᠰᠤ ᠠᠪᠬᠤ ᠪᠠᠷ ᠢᠷᠡᠭᠰᠡᠨ ᠡᠩᠨᠡᠭᠡᠨ ᠤ ᠳᠣᠲᠣᠷ᠎ᠠ ᠪᠠᠰᠠ ᠨᠢᠭᠡ ᠨᠠᠰᠤ ᠠᠬᠢᠭᠰᠠᠨ ᠨᠠᠰᠤᠲᠠᠨ ᠢ ᠭᠠᠯ | ᠤᠨᠲᠠᠷᠠᠭᠠᠬᠤ ᠠᠩᠭᠢ ᠶᠢᠨ ᠬᠢᠨ ᠣᠯᠵᠤ ᠦᠵᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠨᠠᠰᠤᠲᠠᠨ ᠤ ᠤᠰᠤᠨ | ᠰᠠᠭᠤᠯᠠᠭ᠎ᠠ ᠶᠢ ᠨᠢ ᠠᠪᠴᠥ᠂ ᠤᠰᠤ ᠲᠦᠬᠦᠷᠭᠡᠵᠦ ᠦᠭᠭᠦᠭᠰᠡᠨ ᠤ ᠳᠠᠷᠠᠭ᠎ᠠ ᠤᠰᠤ ᠶᠢ ᠭᠡᠷ ᠲᠤᠨᠢ ᠬᠦᠷᠭᠡᠨ | ᠦᠭᠴᠦ᠂ ᠶᠠᠭᠠᠷᠠᠵᠤ ᠰᠠᠨᠳᠤᠷᠬᠤ ᠦᠬᠡᠢ ᠪᠠᠶᠢᠬᠤ ᠶᠢ ᠵᠠᠬᠢᠪᠠ᠃ ᠪᠸᠢ ᠴᠧᠨ ᠰᠠᠭᠤᠭᠠᠯᠢ ᠠᠷᠠᠳ ᠤᠨ | ᠲᠣᠭᠤᠷᠢᠭ ᠤᠨ ᠰᠠᠭᠤᠭᠠᠯᠢ ᠠᠷᠠᠳ ᠲᠦᠩ ᠹᠦ᠋ ᠯᠢᠨ ᠪᠠᠶᠠᠷᠲᠠᠶ ᠪᠠᠷ᠄ ︽ᠴᠠᠭᠠᠨ ᠰᠠᠷ᠎ᠠ ᠶᠢᠨ ᠬᠤᠭᠤᠴᠠᠭ᠎ᠠ ᠪᠤᠯ | ᠰᠠᠭᠤᠭᠠᠯᠢ ᠠᠷᠠᠳ ᠤᠨ ᠤᠰᠤ ᠬᠡᠷᠡᠭᠯᠡᠬᠦ ᠣᠷᠭᠢᠯ ᠤᠨ ᠬᠤᠭᠤᠴᠠᠭ᠎ᠠ ᠪᠣᠯᠤᠨ᠎ᠠ᠂ ᠮᠠᠨ ᠤ ᠰᠠᠭᠤᠭᠠᠯᠢ ᠠᠷᠠᠳ ᠤᠨ | ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠤᠭᠠᠳᠤ | ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠢᠳᠡᠪᠬᠢᠲᠡᠢ ᠬᠥᠳᠡᠯᠦᠯᠴᠡᠵᠦ᠂ ᠨᠢᠭᠡ ᠲᠠᠯ᠎ᠠ ᠪᠠᠷ ᠤᠰᠤᠨ ᠤ | ᠬᠤᠭᠤᠯᠠᠢ ᠶᠢ ᠰᠡᠯᠪᠢᠨ ᠵᠠᠰᠠᠵᠤ᠂ ᠨᠦᠭᠦᠭᠡ ᠲᠠᠯ᠎ᠠ ᠪᠠᠷ ᠭᠠᠯ ᠤᠨᠲᠠᠷᠠᠭᠠᠬᠤ ᠠᠩᠬᠢ ᠶᠢ ᠲᠣᠮᠢᠯᠠᠨ ᠤᠰᠤ | ᠬᠦᠷᠭᠡᠬᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠵᠢᠯᠴᠠᠭ᠎ᠠ ᠳᠤ ᠲᠠᠯᠠᠷᠬᠠᠵᠤ ᠪᠠᠶᠢᠨ᠎ᠠ᠂ ᠪᠣᠳᠠᠲᠠᠢ | ᠠᠰᠠᠭᠤᠳᠠᠯ ᠢ ᠰᠢᠢᠳᠪᠦᠷᠢᠯᠡᠵᠦ ᠦᠭᠭᠦᠭᠰᠡᠨ ᠳᠤ ᠠᠷᠠᠳ ᠤᠯᠠᠨ ᠦᠨᠡᠬᠡᠷ ᠪᠠᠶᠠᠷᠯᠠᠵᠤ ᠪᠠᠶᠢᠨ᠎ᠠ︾ ᠭᠡᠵᠦ ᠬᠡᠯᠡᠪᠡ᠃ | | ᠲᠡᠷᠭᠡ ᠲᠡᠷᠭᠡ ᠪᠠᠷ ᠲᠡᠭᠡᠭᠡᠭᠰᠡᠨ ᠴᠡᠪᠡᠷ ᠤᠰᠤ ᠨᠢᠭᠦ᠋ᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠳᠭᠡᠵᠦ ᠂ | ᠵᠢᠭᠠᠰᠤ ᠤᠰᠤᠨ ᠤ ᠨᠦᠬᠦᠷᠰᠡᠭ ᠬᠠᠷᠢᠴᠠᠭ᠎ᠠ ᠨᠢ ᠬᠥᠳᠡᠯᠦᠯ ᠪᠠᠷᠢᠯ ᠪᠦᠷᠢ ᠶᠢᠨ ᠳᠤᠮᠳᠠ ᠬᠠᠷᠢᠯᠴᠠᠨ | ᠲᠠᠮᠵᠢᠭᠤᠯᠤᠭᠳᠠᠳᠠᠭ ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠳᠥᠷᠪᠡᠳᠦᠭᠡᠷ ᠵᠡᠭᠡᠯᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠥᠷᠲᠡᠭᠡ ᠶᠢᠨ ᠤᠯᠤᠰ ᠲᠥᠷᠥ ᠶᠢᠨ ᠵᠢᠭᠠᠨ ᠵᠢᠯᠣᠭᠤᠳᠣᠭᠴᠢ ᠯᠢᠦ ᠫᠸᠢ ᠶᠤᠸᠠᠨ ᠬᠡᠯᠡᠭᠰᠡᠨ ᠨᠢ᠄ ︽ | ᠪᠢᠳᠡ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠤ ᠦᠳᠡ ᠶᠢᠨ ᠡᠮᠦᠨ᠎ᠡ ᠱᠦᠢ ᠲᠠ ᠵᠡᠭᠡᠯᠢ ᠶᠢᠨ ᠨᠡᠶᠢᠭᠡᠮ | ᠲᠣᠭᠤᠷᠢᠭ ᠤᠨ ᠤᠰᠤ ᠬᠦᠷᠬᠡᠬᠦ ᠲᠤᠰᠠᠯᠠᠮᠵᠢ ᠭᠤᠶᠤᠴᠢᠯᠠᠭᠰᠠᠨ ᠢ ᠬᠦᠯᠢᠶᠡᠵᠦ ᠠᠪᠤᠪᠠ᠂ ᠲᠤᠰᠠᠯᠠᠮᠵᠢ ᠶᠢ | ᠬᠦᠯᠢᠶᠡᠵᠦ ᠠᠪᠤᠭᠰᠠᠨ ᠤ ᠳᠠᠷᠠᠭ᠎ᠠ᠂ ᠪᠢᠳᠡ ᠦᠳᠲᠡᠷ ᠲᠦᠷᠭᠡᠨ ᠭᠤᠷᠪᠠᠨ ᠪᠦᠯᠦᠭ ᠤᠳᠠᠭ᠎ᠠ ᠲᠣᠮᠢᠯᠠᠵᠤ᠂ | ᠥᠴᠥᠭᠡᠳᠦᠷ ᠦᠳᠡ ᠶᠢᠨ ᠡᠮᠦᠨ᠎ᠡ᠂ ᠥᠴᠥᠭᠡᠳᠦᠷ ᠦᠳᠡ ᠶᠢᠨ ᠬᠤᠶᠢᠨ᠎ᠠ ᠪᠣᠯᠤᠨ ᠥᠨᠥᠳᠦᠷ ᠦᠳᠡ ᠶᠢᠨ ᠡᠮᠦᠨ᠎ᠡ | ᠨᠡᠶᠢᠲᠡ 30 ᠭᠠᠷᠤᠶ ᠲᠣᠨ ᠤᠰᠤ ᠬᠦᠷᠭᠡᠵᠦ᠂ ᠪᠸᠢ ᠴᠧᠨ ᠰᠠᠭᠤᠭᠠᠯᠢ ᠲᠤᠭᠤᠷᠢᠭ ᠤᠨ ᠠᠷᠠᠳ ᠲᠤ ᠡᠳᠦᠷ | ᠲᠤᠲᠤᠮ ᠤᠨ ᠠᠮᠢᠳᠤᠷᠠᠯ ᠤᠨ ᠤᠰᠤ ᠶᠢ ᠨᠢ ᠬᠦᠷᠭᠡᠵᠦ᠂ ᠰᠠᠭᠤᠭᠠᠯᠢ ᠠᠷᠠᠳ ᠤᠨ ᠬᠦᠴᠢᠷᠳᠡᠯ ᠢ ᠰᠢᠢᠳᠪᠦᠷᠢᠯᠡᠪᠡ᠃ | ᠵᠢᠱᠢᠯᠲᠡ ᠪᠠᠷ ᠥᠨᠥᠳᠦᠷ ᠦᠳᠡ ᠶᠢᠨ ᠬᠤᠶᠢᠨ᠎ᠠ ᠪᠠᠰᠠ ᠨᠢᠭᠡ ᠤᠳᠠᠭ᠎ᠠ ᠤᠰᠤ ᠬᠦᠷᠭᠡᠬᠦ ᠪᠣᠯᠤᠨ᠎ᠠ᠂ ᠪᠢᠳᠡᠨ ᠤ | ᠤᠰᠤ ᠬᠦᠷᠭᠡᠬᠦ ᠪᠠᠷ ᠳᠠᠮᠵᠢᠭᠤᠯᠤᠨ ᠰᠠᠭᠤᠭᠠᠯᠢ ᠠᠷᠠᠳ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠭᠤᠯᠠᠢ ᠶᠢ | ᠰᠠᠶᠢᠲᠤᠷ ᠰᠡᠯᠪᠢᠬᠦ ᠠᠴᠠ ᠡᠮᠦᠨᠡᠬᠢ ᠬᠡᠪ ᠤᠨ ᠤᠰᠤ ᠬᠡᠷᠡᠭᠯᠡᠬᠦ ᠶᠢ ᠪᠠᠲᠤᠯᠠᠬᠤ ᠶᠢ ᠭᠦᠰᠡᠵᠦ ᠪᠠᠶᠢᠨ᠎ᠠ︾ ᠬᠡᠵᠡᠢ᠃ | ᠴᠠᠭᠠᠨ ᠰᠠᠷ᠎ᠠ ᠶᠢᠨ ᠡᠨᠡᠬᠦ ᠬᠠᠯᠠᠭᠤᠨ ᠲᠤᠯᠠᠭᠠᠨ ᠴᠠᠭ ᠮᠦᠴᠡ ᠳᠤ ᠂ ᠲᠠᠷᠬᠠᠨ ᠮᠤᠤᠮᠢᠩᠭᠠᠨ ᠬᠤᠯᠪᠤᠭᠠᠳᠤ | ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠤᠰᠤ ᠬᠦᠷᠭᠡᠬᠦ ᠠᠵᠢᠯᠯᠠᠭ᠎ᠠ ᠨᠢ ᠤᠯᠠᠨ | ᠲᠦᠮᠡᠨ ᠳᠤ ᠦᠨᠡᠨ ᠪᠣᠳᠠᠲᠠᠢ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠭᠦᠨ ᠵᠤᠵᠠᠭᠠᠨ | ᠬᠠᠶᠢᠷ᠎ᠠ ᠬᠠᠯᠠᠮᠵᠢ ᠶᠢ ᠳᠠᠮᠵᠢᠭᠤᠯᠪᠠ᠃ ᠲᠡᠳᠡᠨ ᠤ ᠪᠠᠷ᠎ᠠ ᠨᠢ ᠡᠨᠡ ᠵᠢᠯ ᠤᠨ ᠴᠠᠭᠠᠨ ᠰᠠᠷ᠎ᠠ ᠶᠢᠨ ᠬᠦᠮᠦᠨ ᠤ | ᠰᠡᠳᠬᠢᠯ ᠢ ᠳᠤᠯᠠᠭᠠᠴᠠᠭᠤᠯᠬᠤ ᠵᠢᠷᠤᠭ ᠤᠨ ᠨᠢᠭᠡ ᠪᠣᠯᠪᠠ᠃ |