ᠥᠨᠥᠳᠦᠷ ᠠᠴᠠ ᠦᠨ᠎ᠡ ᠶᠢ ᠥᠰᠬᠡᠨ᠎ᠡ
ᠨᠡᠶᠢᠲᠡᠯᠡᠭᠰᠡᠨ ᠴᠠᠭ᠄
2025/2/7
      ᠰᠤᠷᠪᠤᠯᠵᠢᠯᠠᠭᠴᠢ ᠣᠯᠠᠨ ᠠᠭᠠᠷ ᠤᠨ ᠠᠶᠠᠯᠠᠯ ᠤᠨ ᠺᠣᠮᠫᠠᠨᠢ ᠠᠴᠠ ᠣᠶᠢᠯᠠᠭᠠᠭᠰᠠᠨ ᠢᠶᠠᠷ᠂ 2 ᠰᠠᠷ᠎ᠠ ᠶᠢᠨ 5 ᠤ ᠡᠳᠦᠷ ᠤᠨ ᠲᠡᠭ ᠴᠠᠭ ᠠᠴᠠ ᠡᠬᠢᠯᠡᠨ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠢ ᠥᠰᠬᠡᠨ᠎ᠡ᠃       ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠠᠰᠤᠨ ᠳᠤ ᠬᠦᠷᠦᠭᠰᠡᠳ ᠤᠨ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠱᠤᠭᠤᠮ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠪᠠᠷᠢᠮᠵᠢᠶ᠎ᠠ ᠨᠢ 800 ᠺᠢᠯᠣᠮᠧᠳ᠋ᠷ ᠵᠢᠴᠢ ᠲᠡᠭᠦᠨ ᠠᠴᠠ ᠳᠣᠷᠣᠭᠰᠢᠬᠢ ᠠᠭᠠᠷ ᠤᠨ ᠠᠶᠠᠯᠠᠯ ᠤᠨ ᠬᠡᠰᠡᠭ ᠠᠴᠠ᠂ ᠬᠥᠮᠦᠨ ᠪᠦᠷᠢ ᠠᠴᠠ 20 ᠲᠥᠭᠦᠷᠢᠭ ᠬᠤᠷᠢᠶᠠᠨ᠎ᠠ︔ 800 ᠺᠢᠯᠣᠮᠧᠳ᠋ᠷ ᠠᠴᠠ ᠳᠡᠭᠡᠭᠰᠢᠬᠢ ᠠᠭᠠᠷ ᠤᠨ ᠠᠶᠠᠯᠠᠯ ᠤᠨ ᠬᠡᠰᠡᠭ ᠠᠴᠠ ᠬᠥᠮᠦᠨ ᠪᠦᠷᠢ ᠠᠴᠠ 40 ᠲᠥᠭᠦᠷᠢᠭ ᠬᠤᠷᠢᠶᠠᠨ᠎ᠠ᠃ ᠲᠣᠬᠢᠷᠠᠭᠤᠯᠤᠯᠲᠠ ᠬᠢᠬᠦ ᠠᠴᠠ ᠡᠮᠦᠨᠡᠬᠢ ᠪᠠᠷᠢᠮᠵᠢᠶ᠎ᠠ ᠲᠠᠢ ᠬᠠᠷᠢᠴᠠᠭᠤᠯᠪᠠᠯ᠂ ᠲᠣᠰ ᠲᠣᠰ 10 ᠲᠥᠭᠦᠷᠢᠭ ᠪᠠ 20 ᠲᠥᠭᠦᠷᠢᠭ ᠦᠰᠭᠡᠪᠡ᠃       ᠡᠭᠦᠨ ᠳᠤ᠂ ᠬᠡᠦᠬᠡᠳ᠂ ᠬᠤᠪᠢᠰᠬᠠᠯᠲᠤ ᠵᠡᠮᠳᠡᠭ ᠴᠡᠷᠢᠭ᠂ ᠠᠯᠪᠠᠨ ᠶᠠᠪᠤᠳᠠᠯ ᠢᠶᠠᠷ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠠᠴᠠ ᠪᠣᠳᠠᠲᠠᠶ ᠬᠤᠷᠢᠶᠠᠬᠤ ᠪᠠᠷᠢᠮᠵᠢᠶ᠎ᠠ ᠶᠢᠨ ᠬᠠᠭᠠᠰ ᠢᠶᠠᠷ ᠬᠤᠷᠢᠶᠠᠨ᠎ᠠ᠂ ᠨᠢᠯᠬ᠎ᠠ ᠬᠡᠦᠬᠡᠳ ᠠᠴᠠ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠥᠬᠡᠶ᠃ ᠡᠨᠡ ᠪᠣᠯ ᠡᠨᠡ ᠵᠢᠯ ᠠᠴᠠ ᠨᠠᠭᠠᠰᠢ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠱᠤᠭᠤᠮ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠳᠤ ᠠᠩᠬ᠎ᠠ ᠤᠳᠠᠭ᠎ᠠ ᠲᠣᠬᠢᠷᠠᠭᠤᠯᠤᠯᠲᠠ ᠬᠢᠵᠦ ᠪᠠᠶᠢᠭ᠎ᠠ ᠶᠠᠪᠤᠳᠠᠯ ᠪᠤᠯᠤᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号