ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ︵ᠬᠤᠶᠠᠳᠤᠭᠠᠷ ᠠᠵᠤ ᠦᠢᠯᠡᠰ︶ ᠬᠤᠷᠠᠯᠳᠤᠭᠤᠯᠵᠤ ᠪᠥᠬᠦ ᠬᠤᠲᠠ ᠶᠢᠨ ︽ᠬᠤᠶᠠᠷ ᠢ  ᠤᠷᠢᠵᠤ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2025/2/7
      2 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ︵ᠬᠤᠶᠠᠳᠤᠭᠠᠷ ᠠᠵᠤ ᠦᠢᠯᠡᠰ︶ ᠢ ᠡᠷᠭᠢᠯᠡᠨ ᠬᠤᠷᠠᠯᠳᠤᠭᠤᠯᠵᠤ᠂ ᠲᠡᠷᠡ ᠳᠠᠷᠤᠶ ᠳᠤᠨᠢ ᠪᠥᠬᠦ ᠬᠤᠲᠠ ᠶᠢᠨ ︽ᠬᠤᠶᠠᠷ ᠢ ᠤᠷᠢᠵᠤ ᠬᠤᠶᠠᠷ ᠢ ᠲᠠᠳᠠᠵᠤ ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠬᠤᠷᠠᠯ ᠳᠡᠭᠡᠷ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠪᠠᠶᠢᠭᠤᠯᠭ᠎ᠠ ᠨᠢᠭᠡᠴᠡ ᠶᠢᠨ ᠬᠤᠶᠠᠳᠤᠭᠠᠷ ᠠᠵᠤ ᠦᠢᠯᠡᠰ ᠤᠨ ᠲᠤᠰ ᠲᠤᠰ ᠤᠨ ᠬᠦᠷᠢᠶᠡᠨ ᠳᠠᠬᠢ ︽ᠭᠤᠷᠪᠠ  ᠪᠠᠶᠢᠵᠤ ᠬᠤᠶᠠᠷ ᠢ ᠡᠷᠢᠬᠦ︾ ᠶᠢᠨ ᠲᠣᠭᠤᠷᠢᠨ ᠳᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠡᠯᠧᠮᠧᠨ᠋ᠲ ᠤᠨ ᠪᠠᠲᠤᠯᠠᠭ᠎ᠠ ᠵᠢᠴᠢ ᠳᠠᠷᠠᠭᠠᠴᠢ ᠶᠢᠨ ᠠᠯᠬᠤᠮ ᠤᠨ ᠠᠵᠢᠯ ᠢ ᠲᠥᠯᠥᠪᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠳᠠᠯ ᠢ ᠲᠣᠳᠣᠷᠬᠠᠢ ᠣᠶᠢᠯᠠᠭᠠᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠨᠠᠷᠢᠨ ᠬᠢᠨᠠᠮᠠᠭᠠᠢ ᠡᠷᠢᠨ ᠭᠠᠷᠭᠠᠵᠤ᠂ ᠰᠢᠨ᠎ᠡ ᠡᠨᠧᠷᠭᠢ ᠶᠢᠨ ᠬᠥᠭᠵᠢᠯᠲᠡ᠂ ᠰᠢᠶᠠᠩ ᠪᠠᠯᠭᠠᠰᠤᠨ ᠤ ᠭᠠᠵᠠᠷ ᠰᠢᠷᠣᠢ  ᠶᠢ ᠲᠠᠲᠠᠪᠤᠷᠢᠯᠠᠨ ᠭᠡᠷ ᠪᠠᠶᠢᠰᠢᠩ ᠢ ᠨᠤᠷᠠᠭᠠᠵᠤ ᠨᠡᠭᠦᠯᠭᠡᠬᠦ᠂ ᠬᠥᠯᠥᠰᠥᠨ ᠠᠵᠢᠯᠴᠢᠨ ᠤ ᠴᠠᠯᠢᠩ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠰᠢᠰᠲ᠋ᠧᠮ ᠲᠠᠢ ᠰᠤᠳᠤᠯᠵᠤ᠂ ᠰᠢᠢᠳᠪᠦᠷᠢᠯᠡᠭᠳᠡᠬᠦᠢ ᠰᠡᠳᠬᠢᠬᠦᠢ ᠪᠠᠨ ᠭᠦᠢᠴᠡᠳ ᠠᠰᠢᠭᠯᠠᠨ ᠰᠢᠢᠳᠪᠦᠷᠢᠯᠡᠵᠦ᠂ ᠲᠦᠷᠦᠯ ᠵᠦᠢᠯ ᠢ ᠤᠷᠢᠵᠤ ᠠᠪᠴᠢᠷᠠᠨ ᠨᠠᠶᠢᠳᠠᠪᠦᠷᠢᠵᠢᠭᠤᠯᠬᠤ  ᠳᠤ  ᠠᠩᠬᠠᠷᠬᠤ ᠬᠥᠮᠦᠨ ᠲᠠᠢ᠂ ᠶᠠᠪᠤᠳᠠᠯ ᠪᠦᠬᠦᠨ ᠢ ᠬᠠᠮᠢᠶᠠᠷᠬᠤ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠶᠢ ᠴᠠᠭ ᠲᠤᠬᠠᠶ ᠳᠤᠨᠢ ᠮᠥᠷᠳᠡᠨ ᠰᠤᠷᠤᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠠᠵᠢᠯᠯᠠᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠪᠠ ᠠᠷᠢᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠠᠷᠠᠯᠲᠠ ᠲᠠᠢ ᠪᠠᠷ  ᠠᠵᠢᠯᠯᠠᠵᠤ᠂ ᠲᠥᠷᠥᠯ ᠬᠤᠪᠢᠶᠠᠨ ᠵᠢᠯᠣᠭᠤᠳᠬᠤ ᠶᠢ ᠪᠡᠶᠡᠯᠡᠭᠦᠯᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨ ᠪᠣᠳᠠᠲᠠᠶ ᠠᠵᠢᠯᠯᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠢᠨ ᠡᠯ᠎ᠡ ᠵᠦᠢᠯ ᠤᠨ ᠠᠵᠢᠯ ᠢᠶᠠᠨ ᠱᠠᠯᠠᠪᠳᠠᠨ ᠡᠬᠢᠯᠡᠭᠦᠯᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ︽ᠰᠢᠨ᠎ᠡ ᠵᠢᠯ ᠤᠨ ᠵᠠᠭᠪᠤᠷ︾ ᠠᠴᠠ ︽ᠠᠵᠢᠯ ᠤᠨ ᠵᠠᠭᠪᠤᠷ︾ ᠬᠦᠷᠲᠡᠯ᠎ᠡ ᠦᠳᠲᠡᠷ ᠲᠦᠷᠭᠡᠨ ᠲᠤᠬᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠹᠷᠣᠨᠲ ᠤᠨ ᠠᠷᠠᠯᠵᠢᠶᠠᠴᠢᠨ ᠤᠷᠢᠬᠤ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠬᠠᠮᠰᠠᠷ ᠢ ᠪᠤᠢ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠᠨ ᠴᠢᠩᠭᠠᠳᠬᠠᠵᠤ ᠂ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠴᠢᠨᠠᠭᠰᠢᠳᠠ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠶᠡᠭᠡ ᠲᠠᠯ᠎ᠠ ᠶᠢᠨ ᠤᠬᠠᠮᠰᠠᠷ᠂ ᠠᠯᠤᠰ ᠬᠡᠳᠤ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠡᠵᠡᠨ ᠬᠥᠮᠦᠨ ᠤ ᠵᠣᠷᠢᠭ ᠰᠠᠨᠠᠭ᠎ᠠ ᠶᠢ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠠᠬᠢ ᠱᠠᠯᠠᠪᠳᠠᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠠᠶᠢᠳᠠᠯ ᠢᠶᠠᠨ ᠦᠨᠡᠨᠬᠦ  ᠬᠤᠪᠢᠷᠠᠭᠤᠯᠤᠨ  ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠠᠷᠬᠠᠨ ᠮᠤᠤᠮᠢᠩᠭᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号