ᠨᠢᠭᠡ ᠤᠳᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠳᠡᠯᠭᠡᠨ ᠪᠣᠷᠣᠯᠠᠭᠤᠯᠬᠤ ᠴᠤᠭᠯᠠᠭᠠᠨ ᠨᠢ ᠪᠦᠬᠦ ᠪᠠᠭ᠎ᠠ ᠤᠩᠭᠤᠨ ᠰᠢᠶᠠᠩ ᠤᠨ ᠲᠠᠷᠢᠶᠠᠴᠢᠨ ᠡᠷᠦᠬᠡ ᠳᠤ 35 ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠤ ᠥᠭᠪᠡ
ᠨᠡᠶᠢᠲᠡᠯᠡᠭᠰᠡᠨ ᠴᠠᠭ᠄
2025/3/10
      3 ᠰᠠᠷ᠎ᠠ ᠶᠢᠨ 5 ᠤ ᠡᠳᠦᠷ᠂ 6 ᠤ ᠡᠳᠦᠷ᠂ ᠪᠠᠭ᠎ᠠ ᠤᠩᠭᠤᠨ ᠰᠢᠶᠠᠩ ᠠᠩᠬᠠᠳᠤᠭᠠᠷ ᠬᠤᠭᠤᠴᠠᠭᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠡᠷᠬᠢᠯᠡᠵᠦ᠂ ᠡᠯ᠎ᠡ ᠭᠠᠵᠠᠷ ᠠᠴᠠ ᠢᠷᠡᠭᠰᠡᠨ 15 ᠡᠷᠦᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠪᠣᠯᠤᠨ ᠮᠠᠰᠢ ᠤᠯᠠᠨ ᠲᠠᠷᠢᠶᠠᠴᠢᠨ  ᠢ  ᠲᠠᠲᠠᠨ ᠠᠪᠴᠢᠷᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂  ᠴᠤᠭᠯᠠᠭᠠᠨ ᠤ ᠦᠷ᠎ᠡ  ᠪᠦᠳᠦᠮᠵᠢ ᠰᠠᠶᠢᠨ ᠪᠠᠶᠢᠪᠠ᠃      ᠳᠡᠯᠭᠡᠨ ᠪᠣᠷᠣᠯᠠᠭᠤᠯᠬᠤ ᠴᠤᠭᠯᠠᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠲᠦᠷᠦᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ  ᠲᠠᠯᠠᠪᠠᠢ ᠳᠦᠭᠦᠷᠡᠩ ᠬᠠᠷᠠᠭᠳᠠᠵᠤ᠂ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠮᠠᠰᠢᠨ ᠬᠡᠷᠡᠭᠰᠡᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠬᠡᠷᠡᠭᠰᠡᠬᠦ ᠡᠳ᠋ ᠪᠣᠳᠠᠰ ᠢ ᠬᠠᠮᠤᠷᠴᠠᠢ᠃ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠤᠳ ᠣᠷᠦ᠋ᠢᠯᠠᠭᠰᠠᠨ ᠪᠦᠲᠦᠭᠡᠭᠳᠡᠬᠦᠨ ᠢᠶᠠᠨ ᠠᠪᠴᠤ ᠭᠠᠷᠭᠠᠭᠰᠠᠨ ᠪᠦᠭᠡᠳ ᠣᠯᠠᠨ ᠵᠦᠢᠯ ᠤᠨ ᠬᠠᠷᠠᠭᠠᠯᠵᠠᠯ ᠤᠨ ᠠᠵᠢᠯᠯᠠᠭ᠎ᠠ  ᠦᠷᠨᠢᠬᠦᠯᠵᠦ᠂ ᠠᠷᠠᠳ ᠲᠤ ᠠᠰᠢᠭ ᠬᠦᠷᠲᠡᠭᠡᠪᠡ᠃  ᠲᠠᠷᠢᠶᠠᠴᠢᠳ ᠡᠯ᠎ᠡ ᠵᠦᠢᠯ ᠤᠨ  ᠳᠡᠯᠭᠡᠨ ᠦᠵᠡᠬᠦᠯᠦᠯᠭᠡ ᠶᠢᠨ ᠬᠤᠭᠤᠷᠣᠨᠳᠣ  ᠰᠦᠯᠵᠢᠯᠳᠦᠵᠦ᠂ ᠦᠢᠯᠡᠳᠬᠦᠨ ᠤ ᠮᠡᠳᠡᠭᠡ ᠵᠠᠩᠭᠢ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠦᠨ᠎ᠡ ᠬᠠᠩᠰᠢ ᠶᠢᠨ ᠬᠠᠷᠢᠴᠠᠭᠤᠯᠤᠯ ᠬᠢᠵᠦ᠂  ᠰᠠᠨᠠᠭᠠᠨ ᠳᠤ ᠪᠠᠨ ᠲᠠᠭᠠᠷᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢᠶᠠᠨ  ᠰᠤᠩᠭᠤᠵᠠᠭᠠᠪᠠ᠃      ︽ᠪᠠᠭ᠎ᠠ ᠤᠩᠭᠤᠨ ᠰᠢᠶᠠᠩ ᠤᠨ ᠪᠢᠳᠡᠨ ᠳᠤ ᠪᠠᠶᠢᠭᠤᠯᠵᠤ ᠥᠭᠭᠦᠭᠰᠡᠨ ᠡᠨᠡ ᠬᠦ ᠲᠠᠪᠴᠠᠩ ᠳᠤ ᠮᠠᠰᠢ ᠲᠠᠯᠠᠷᠬᠠᠵᠤ ᠪᠠᠶᠢᠨ᠎ᠠ᠂ ᠪᠢᠳᠡ ᠭᠡᠷ ᠤᠨ ᠡᠭᠦᠳᠡᠨ ᠠᠴᠠ ᠪᠠᠨ ᠶᠠᠰᠤ ᠴᠢᠨᠠᠷ ᠪᠠᠲᠤᠯᠠᠭ᠎ᠠ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠤᠭᠰᠠᠨ ᠤ  ᠬᠠᠮᠲᠤ᠂  ᠪᠠᠰᠠ ᠭᠤᠷᠪᠠᠨ ᠡᠷᠦᠭᠡ ᠶᠢᠨ ᠪᠠᠷᠠᠭ᠎ᠠ  ᠶᠢ ᠬᠠᠷᠢᠴᠠᠭᠤᠯᠤᠨ ᠠᠳᠠᠯᠢ ᠨᠦᠬᠦᠴᠡᠯ ᠤᠨ ᠲᠤᠤᠷ᠎ᠠ ᠪᠠᠷᠠᠭ᠎ᠠ ᠰᠠᠶᠢᠨ ᠦᠨ᠎ᠡ ᠬᠢᠮᠳᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠣᠩᠭᠤᠵᠤ ᠪᠤᠯᠤᠨ᠎ᠠ ᠂  ᠬᠤᠶᠢᠰᠢᠳᠠ ᠪᠢᠳᠡᠨ ᠳᠤ ᠢᠯᠡᠭᠦᠬᠡᠨ ᠡᠶᠢᠮᠦ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ︾ ᠭᠡᠵᠦ ᠰᠠᠨᠠᠭᠠᠨ ᠳᠤ ᠲᠠᠭᠠᠷᠠᠭᠰᠠᠨ ᠲᠠᠷᠢᠶᠠᠯᠠᠩ ᠤᠨ ᠬᠡᠷᠡᠭᠰᠡᠯ  ᠢᠶᠠᠨ ᠬᠤᠳᠠᠯᠳᠤᠨ ᠠᠪᠤᠭᠰᠠᠨ ᠲᠠᠷᠢᠶᠠᠴᠢᠨ ᠯᠢᠦ ᠬᠤᠢ ᠮᠠᠰᠢ  ᠪᠠᠶᠠᠷᠳᠠᠢ ᠬᠡᠯᠡᠪᠡ᠃       ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ ᠪᠠ ᠠᠷᠠᠯᠵᠢᠶᠠᠯᠠᠬᠤ ᠠᠴᠠ ᠭᠠᠳᠠᠨ᠎ᠠ᠂ ᠲᠣᠰ ᠬᠤᠭᠤᠴᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠳᠤ ᠪᠠᠰᠠ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠ ᠦᠢᠯᠡᠴᠢᠯᠡᠬᠦ ᠶᠢ ᠴᠢᠬᠤᠯᠠᠴᠢᠯᠠᠪᠠ᠃ ᠦᠵᠡᠰᠬᠦᠯᠡᠩ ᠤᠨ ᠬᠤᠭᠤᠴᠠᠭᠠᠨ ᠳᠤ᠂ ᠪᠠᠭ᠎ᠠ ᠤᠩᠭᠤᠨ ᠰᠢᠶᠠᠩ ᠲᠠᠷᠢᠶᠠᠯᠠᠩ ᠤᠨ ᠬᠦᠷᠢᠶᠡᠨ ᠤ 6 ᠲᠤᠰᠬᠠᠢ ᠮᠡᠷᠭᠡᠵᠢᠯᠲᠡᠨ ᠢ ᠤᠷᠢᠵᠤ᠂ ᠲᠠᠷᠢᠶᠠᠯᠠᠩ ᠤᠨ ᠲᠦᠷᠦ ᠶᠢᠨ ᠪᠤᠳᠤᠯᠭ᠎ᠠ᠂ ᠲᠠᠷᠢᠮᠠᠯ ᠤᠨ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠭ᠎ᠠ ᠥᠷᠨᠢᠭᠦᠯᠵᠦ᠂  ᠲᠠᠷᠢᠶᠠᠴᠢᠳ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠲᠡᠷᠢᠭᠦᠨ ᠤ ᠲᠤᠷᠰᠢᠯᠭ᠎ᠠ ᠶᠢ ᠤᠯᠠᠮᠵᠢᠯᠠᠭᠰᠠᠨ ᠪᠠᠶᠢᠨ᠎ᠠ᠃ ᠲᠤᠬᠠᠢ ᠶᠢᠨ ᠲᠠᠯᠠᠪᠠᠢ ᠳᠤ ᠪᠠᠰᠠ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠲᠠᠷᠢᠶᠠᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠬᠡᠷᠡᠭᠯᠡᠯᠲᠡ ᠶᠢᠨ ᠵᠢᠯᠤᠭᠤᠳᠤᠯᠭ᠎ᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠵᠤ᠂ ᠤᠯᠠᠨ ᠤ ᠬᠠᠯᠠᠭᠤᠨ ᠬᠦᠷᠢᠶᠡᠯᠡᠯ ᠢ ᠣᠯᠵᠠᠢ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠳᠡᠯᠭᠡᠨ ᠪᠣᠷᠣᠯᠠᠭᠤᠯᠬᠤ ᠴᠤᠭᠯᠠᠭᠠᠨ ᠤ ᠬᠤᠭᠤᠴᠠᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ᠂ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ᠂ ᠲᠣᠰ ᠤᠳᠠᠭᠠᠨ ᠤ ᠠᠵᠢᠯᠯᠠᠭ᠎ᠠ ᠳᠤ ᠲᠥᠪ ᠭᠤᠤᠯᠴᠢ ᠡᠮᠬᠢ ᠵᠢᠷᠤᠮ ᠲᠠᠢ ᠠᠷᠠᠯᠵᠢᠶᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃       ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠬᠤ ᠪᠠᠷ ᠢᠷᠡᠭᠰᠡᠨ ᠵᠦᠩ ᠾᠧ ᠬᠥᠳᠡᠭᠡ ᠲᠣᠰᠬᠤᠨ ᠤ ᠢᠲᠡᠭᠡᠮᠵᠢ ᠶᠢᠨ ᠬᠤᠳᠠᠯᠳᠤᠭᠠᠨ ᠤ ᠡᠷᠦᠬᠡ ᠸᠠᠩ ᠹᠸᠢ ᠯᠦᠩ᠄ ︽ᠪᠢᠳᠡ ᠤᠷᠢᠯᠭ᠎ᠠ ᠪᠠᠷ ᠠᠩᠬᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠵᠤ᠂ ᠡᠨᠡ ᠤᠳᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠳᠤ ᠮᠠᠰᠢ ᠣᠯᠠᠨ ᠲᠤᠬᠠᠶ ᠶᠢᠨ ᠭᠠᠵᠠᠷ ᠤᠨ ᠲᠠᠷᠢᠮᠠᠯ ᠤᠨ ᠡᠷᠦᠬᠡ ᠪᠢᠳᠡᠨ ᠲᠠᠢ ᠲᠤᠬᠠᠶᠢᠯᠠᠭᠰᠠᠨ ᠠᠵᠢᠯ ᠤᠨ ᠲᠤᠬᠠᠶ ᠵᠥᠪᠳᠡᠯᠴᠡᠭᠡ ᠬᠢᠭᠰᠡᠨ ᠪᠥᠭᠡᠳ ᠵᠠᠷᠢᠮ ᠲᠠᠷᠢᠮᠠᠯ ᠤᠨ ᠲᠣᠮᠣ ᠡᠷᠦᠬᠡ ᠪᠢᠳᠡᠨ ᠲᠠᠢ ᠤᠯᠠᠮ ᠨᠢᠭᠡ ᠠᠯᠬᠤᠮ ᠬᠠᠮᠲᠤᠷᠠᠯᠴᠠᠵᠤ᠂ ᠵᠠᠯᠭᠠᠭᠠᠳ ᠪᠢᠳᠡ ᠪᠠᠰᠠ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠪᠥᠬᠦ ᠶᠠᠪᠤᠴᠠ ᠳᠤ ᠲᠠᠷᠢᠶᠠᠯᠠᠩ ᠤᠨ ᠮᠡᠷᠭᠡᠵᠢᠯ ᠤᠨ ᠳᠡᠮᠵᠢᠯᠭᠡ ᠬᠠᠩᠭᠠᠨ᠎ᠠ︾ ᠭᠡᠵᠡᠶ᠃      ᠲᠣᠰ ᠬᠤᠭᠤᠴᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠨᠢ ᠲᠣᠰᠬᠤᠨ ᠢᠶᠠᠷ ᠨᠢᠭᠡᠴᠢ ᠪᠣᠯᠭᠠᠵᠤ᠂ ᠨᠢᠭᠡᠳᠦᠯᠲᠡᠶ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ ᠨᠠᠩ ᠬᠠᠷᠠᠭᠠᠯᠵᠠᠯᠲᠤ ᠦᠨ᠎ᠡ ᠪᠠᠷ ᠲᠠᠷᠢᠶᠠᠴᠢᠨ ᠡᠷᠦᠬᠡ ᠪᠠ ᠬᠤᠷᠰᠢᠶ᠎ᠠ ᠶᠢ ᠬᠠᠪᠰᠤᠷᠤᠨ ᠴᠢᠨᠠᠷ ᠰᠠᠶᠢᠲᠠᠶ ᠦᠢᠯᠡᠳᠬᠦᠨ ᠬᠤᠳᠠᠯᠳᠤᠨ ᠠᠪᠴᠤ᠂ ᠲᠠᠷᠢᠮᠠᠯ ᠤᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ ᠪᠠᠭ᠎ᠠ ᠤᠩᠭᠤᠨ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠵᠠᠩ ᠯᠦᠩ ᠲᠠᠨᠢᠯᠴᠠᠭᠤᠯᠬᠤ ᠳᠠᠭᠠᠨ᠄ ︽ᠳᠡᠯᠭᠡᠨ ᠪᠣᠷᠣᠯᠠᠭᠤᠯᠬᠤ ᠴᠤᠭᠯᠠᠭᠠᠨ ᠤ ᠬᠤᠭᠤᠴᠠᠭᠠᠨ ᠳᠤ ᠵᠢᠱᠢᠯᠳᠡ ᠪᠠᠷ ᠡᠯ᠎ᠡ ᠲᠦᠷᠦᠯ ᠤᠨ ᠦᠷ᠎ᠡ᠂ ᠬᠢᠮᠢ ᠶᠢᠨ ᠪᠤᠷᠳᠤᠭᠤᠷ ᠵᠡᠷᠭᠡ ᠶᠢ 2000 ᠭᠠᠷᠤᠢ ᠲᠣᠨ᠂ ᠰᠦᠯᠢᠶᠣᠣ ᠪᠦᠷᠬᠦᠪᠴᠢ ᠶᠢᠨ ᠨᠣᠣᠰᠣᠨ ᠬᠤᠭᠤᠯᠠᠢ ᠶᠢ 15000 ᠪᠤᠳᠢ ᠵᠠᠬᠢᠶᠠᠯᠠᠭ᠎ᠠ ᠠᠪᠴᠤ᠂ ᠪᠣᠷᠣᠯᠠᠭᠤᠯᠤᠭᠰᠠᠨ ᠵᠣᠭᠤᠰ ᠤᠨ ᠲᠤᠭ᠎ᠠ ᠶᠢ ᠵᠢᠱᠢᠯᠲᠡ ᠪᠠᠷ 600 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠪᠦᠬᠦ ᠰᠢᠶᠠᠩ ᠤᠨ ᠲᠠᠷᠢᠶᠠᠴᠢᠨ ᠡᠷᠦᠬᠡ ᠳᠤ ᠥᠪᠡᠷ ᠤᠨ ᠦᠷᠳᠡᠭ ᠢ 35 ᠲᠦᠮᠡᠨ ᠲᠥᠭᠦᠷᠢᠭ ᠠᠷᠪᠢᠯᠠᠬᠤ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ︿ᠬᠤᠶᠠᠷ ᠢ ᠨᠢᠭᠡᠳᠦᠯᠲᠡᠶ ᠳᠠᠭᠠᠭᠤᠯᠤᠨ ᠬᠦᠢᠴᠡᠳᠬᠡᠬᠦ﹀ ᠵᠠᠭᠪᠤᠷ ᠢ ᠭᠦᠨᠵᠡᠭᠡᠶ ᠠᠬᠢᠭᠤᠯᠵᠤ᠂ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠵᠢᠯᠣᠭᠤᠳᠬᠤ ᠦᠢᠯᠡᠴᠢᠯᠡᠭᠡ ᠪᠠᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠡᠨᠡ ᠵᠢᠯ ᠤᠨ ᠲᠠᠷᠢᠶᠠᠯᠠᠩ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ︾ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号