3 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠦᠬᠡᠷᠬᠤᠳᠳᠤᠭ ᠪᠠᠯᠭᠠᠰᠤᠨ ᠤ ᠲᠦᠪ ᠤᠨ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠬᠤᠩᠭᠤᠷᠳᠠᠯ᠎ᠠ ᠡᠷᠡᠭᠦᠯ | ᠬᠠᠮᠠᠭᠠᠯᠠᠯ ᠤᠨ ᠲᠠᠰᠤᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ | ᠵᠢᠴᠢ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠢ | ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠶᠠᠨ ᠴᠦᠨ ᠯᠸᠢ᠂ ᠯᠢᠦ ᠯᠢᠶᠠᠩ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠵᠢᠶᠠ ᠪᠦᠦ ᠯᠢᠶᠠᠩ ᠤᠷᠢᠳ ᠬᠤᠵᠢᠳ ᠦᠬᠡᠷᠬᠤᠳᠳᠤᠭ ᠪᠠᠯᠭᠠᠰᠤᠨ ᠤ ᠲᠦᠪ ᠤᠨ ᠡᠷᠡᠭᠦᠯ ᠬᠠᠮᠠᠭᠠᠯᠠᠯ ᠤᠨ | ᠬᠤᠷᠢᠶ᠎ᠠ ᠵᠢᠴᠢ ᠬᠤᠩᠭᠤᠷᠳᠠᠯ᠎ᠠ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ᠂ ᠡᠷᠡᠭᠦᠯ ᠬᠠᠮᠠᠭᠠᠯᠠᠯ ᠤᠨ ᠬᠤᠷᠢᠶ᠎ᠠ | ᠵᠢᠴᠢ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯᠲᠠᠨ ᠤ ᠲᠣᠬᠢᠷᠠᠭᠤᠯᠤᠯᠲᠠ᠂ ᠡᠮᠴᠢᠯᠡᠭᠡᠨ ᠤ ᠲᠥᠬᠦᠭᠡᠷᠦᠮᠵᠢ᠂ | ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠡᠳᠦᠷ ᠲᠤᠲᠤᠮ ᠤᠨ | ᠡᠵᠡᠩᠨᠡᠯᠲᠡ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠪᠤᠭᠤᠲᠤ | ᠬᠤᠲᠠ ᠶᠢᠨ ᠡᠮᠴᠢᠯᠡᠭᠡᠨ ᠤ ᠥᠨᠳᠦᠷᠯᠢᠭ ᠢ ᠴᠣᠭᠴᠠᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠡᠮᠴᠢᠯᠡᠭᠡᠨ ᠤ | ᠦᠢᠯᠡᠰ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠲᠡᠶ ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠰᠢᠭᠤᠨ ᠤ ᠬᠡᠪᠴᠢᠶᠡᠨ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠨᠡᠷᠡᠲᠦ ᠡᠮᠴᠢ ᠶᠢ ᠬᠥᠳᠡᠭᠡ ᠪᠠᠭᠤᠯᠭᠠᠬᠤ ᠠᠯᠪᠠᠨ ᠵᠢᠷᠤᠮ ᠤᠨ | ᠡᠮᠴᠢᠯᠡᠭᠡᠨ ᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠣᠩᠭᠤᠯ ᠡᠮᠨᠡᠯᠭᠡ᠂ ᠬᠢᠲᠠᠳ ᠡᠮᠨᠡᠯᠭᠡ ᠶᠢᠨ | ᠣᠨᠴᠠᠯᠢᠭᠲᠤ ᠡᠮᠴᠢᠯᠡᠭᠡᠨ ᠤ ᠮᠡᠷᠭᠡᠵᠢᠯ ᠢ ᠪᠠᠳᠠᠷᠠᠭᠤᠯᠤᠨ᠂ ᠠᠬᠠᠮᠠᠳ ᠬᠢᠲᠠᠳ ᠡᠮᠨᠡᠯᠭᠡ ᠶᠢᠨ ᠦᠢᠯᠡᠳᠦᠯ ᠢ | ᠪᠠᠳᠠᠷᠠᠭᠤᠯᠵᠤ᠂ ᠮᠠᠯᠵᠢᠬᠤ ᠣᠷᠣᠨ ᠤ ᠮᠣᠩᠭᠤᠯ ᠡᠮᠨᠡᠯᠭᠡ ᠶᠢ ᠳᠣᠷᠣᠭᠰᠢ ᠪᠠᠭᠤᠯᠭᠠᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠰᠬᠠᠶ ᠮᠡᠷᠭᠡᠵᠢᠯᠲᠡᠨ᠂ ᠡᠬᠢ ᠪᠠᠶᠠᠯᠢᠭ ᠢ | ᠳᠣᠷᠣᠭᠰᠢ ᠪᠠᠭᠤᠯᠭᠠᠬᠤ ᠳᠠᠪᠠᠭᠤᠯᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠬᠢᠭᠡᠳ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠲᠤᠬᠠᠶᠢᠯᠠᠭᠰᠠᠨ ᠠᠵᠢᠯ ᠤᠨ ᠠᠭᠤᠰᠤᠯᠴᠠᠯ ᠢ | ᠰᠦᠪᠡᠭᠴᠢᠯᠡᠵᠦ᠂ ᠦᠨᠳᠦᠰᠦᠨ ᠱᠠᠲᠤᠨ ᠤ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ︾ ᠠᠵᠢᠯ ᠢ | ᠠᠬᠢᠭᠤᠯᠤᠨ᠂ ᠦᠨᠳᠦᠰᠦᠨ ᠱᠠᠲᠤᠨ ᠤ ᠠᠷᠠᠳ ᠣᠯᠠᠨ ᠳᠤ ᠰᠢᠭᠤᠳ ᠠᠰᠢᠭ ᠬᠦᠷᠲᠡᠭᠡᠵᠦ᠂ ᠨᠠᠩ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠬᠦ ᠬᠡᠷᠡᠭᠲᠡᠶ᠃ |