ᠵᠢᠯᠤᠭᠤᠴᠢ ᠶᠢᠨ ᠦᠨᠡᠮᠯᠡᠯ ᠤᠨ ᠰᠢᠯᠭᠠᠯᠲᠠ ᠶᠢ ᠬᠢᠨᠠᠬᠤ ᠠᠵᠢᠯ ᠢ ᠴᠢᠩᠭᠠᠳᠬᠠᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ︽ᠠᠶ᠎ᠠ ︾ ᠶᠢ ᠬᠥᠭᠵᠢᠮᠳᠡᠵᠦ ᠪᠠ᠊
ᠨᠡᠶᠢᠲᠡᠯᠡᠭᠰᠡᠨ ᠴᠠᠭ᠄
2025/3/10
      ︽ᠨᠡᠷ᠎ᠡ ᠪᠠᠨ ᠳᠠᠭᠤᠳᠠᠭᠳᠠᠠᠰᠠᠨ ᠰᠢᠯᠭᠠᠭᠤᠯᠤᠭᠴᠢ ᠤᠷᠢᠳ ᠢᠶᠠᠷ ᠠᠳᠡ ᠢᠷᠡᠵᠥ ᠨᠡᠷ᠎ᠡ ᠮᠡᠳᠡᠭᠦᠯᠦᠨ᠂ ᠳᠠᠷᠠᠭ᠎ᠠ ᠨᠢ ᠮᠥᠷᠯᠡᠨ ᠰᠢᠯᠭᠠᠨ᠎ᠠ ᠁︾      ︽ᠰᠢᠯᠭᠠᠯᠲᠠ ᠳᠤ ᠣᠷᠣᠯᠴᠠᠬᠤ ᠭᠡᠵᠥ ᠪᠠᠶᠢᠭ᠎ᠠ ᠰᠢᠯᠭᠠᠭᠤᠯᠤᠭᠴᠢ ᠴᠥᠮ ᠰᠢᠯᠭᠠᠯᠲᠠ ᠶᠢᠨ ᠲᠠᠯᠠᠪᠠᠶ ᠶᠢᠨ ᠭᠠᠳᠠᠨ᠎ᠠ ᠵᠣᠭᠰᠣᠵᠤ ᠪᠠᠶᠢᠨ᠎ᠠ ᠁︾      ᠬᠠᠪᠤᠷ ᠤᠨ ᠤᠷᠢᠬᠠᠨ‌‍ᠰᠠᠯᠬᠢ ᠡᠬᠡ ᠭᠠᠵᠠᠷ ᠢ ᠢᠯᠪᠢᠬᠦ ᠳᠤ᠂ ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭᠠᠷᠠᠯᠳᠠᠳᠠᠢ ᠶᠠᠪᠤᠭᠳᠠᠵᠤ ᠪᠠᠶᠢᠨ᠎ᠠ᠃ ᠮᠠᠰᠢᠨ ᠬᠦᠩᠭᠢᠨᠡᠬᠦ ᠲᠠᠭᠤᠨ ᠢ ᠳᠠᠭᠠᠯᠳᠤᠨ᠂ ᠡᠨᠡ ᠵᠢᠯ ᠤᠨ ᠠᠩᠬᠠᠳᠠᠭᠴᠢ ᠲᠠᠯᠠᠪᠠᠢ ᠲᠷᠠᠺᠲ᠋ᠣᠷ᠂ ᠬᠠᠳᠤᠵᠤ ᠬᠤᠷᠢᠶᠠᠬᠤ ᠮᠠᠰᠢᠨ ᠤ ᠵᠢᠯᠣᠭᠤᠴᠢ ᠶᠢᠨ ᠪᠣᠳᠠᠲᠤ ᠠᠬᠤᠢ ᠳᠤ ᠵᠢᠯᠤᠭᠤᠳᠬᠤ ᠰᠢᠯᠭᠠᠯᠲᠠ 3 ᠰᠠᠷ᠎ᠠ ᠶᠢᠨ 5 ᠤ ᠡᠳᠦᠷ ᠬᠠᠰ ᠤᠨ ᠲᠠᠷᠢᠶᠠᠯᠠᠩ ᠤᠨ ᠮᠠᠰᠢᠨ ᠬᠤᠳᠠᠯᠳᠣᠬᠤ ᠳᠡᠯᠭᠡᠭᠦᠷ ᠲᠤ ᠡᠬᠢᠯᠡᠵᠦ᠂ ᠲᠣᠰ ᠤᠳᠠᠭᠠᠨ ᠤ ᠰᠢᠯᠭᠠᠯᠲᠠ ᠪᠣᠯ ᠰᠤᠷᠤᠭᠴᠢᠳ ᠤᠨ ᠣᠨᠣᠯ ᠤᠨ ᠮᠡᠳᠡᠯᠭᠡ ᠶᠢᠨ ᠰᠢᠯᠭᠠᠯᠲᠠ ᠶᠢ ᠥᠩᠭᠡᠷᠡᠭᠦᠯᠦᠭᠰᠡᠨ ᠤ ᠳᠠᠷᠠᠭ᠎ᠠ ᠣᠷᠣᠯᠴᠠᠭᠰᠠᠨ ᠪᠣᠳᠠᠲᠤ ᠠᠬᠤᠢ ᠳᠤ ᠵᠢᠯᠤᠭᠤᠳᠬᠤ ᠰᠢᠯᠭᠠᠯᠲᠠ ᠶᠤᠮ᠂ ᠭᠤᠤᠯ ᠨᠢ ᠬᠢᠨᠠᠨ ᠰᠢᠯᠭᠠᠯᠲᠠ ᠳᠤ ᠲᠣᠭᠲᠠᠭᠠᠭᠰᠠᠨ ᠱᠤᠭᠤᠮ ᠪᠠ ᠠᠵᠢᠯᠯᠠᠬᠤ ᠱᠠᠭᠠᠷᠳᠠᠯᠭ᠎ᠠ ᠶᠣᠰᠣᠭᠠᠷ ᠵᠢᠯᠣᠭᠤᠳᠬᠤ ᠴᠢᠳᠠᠪᠤᠷᠢ ᠪᠠᠨ ᠪᠡᠶᠡᠯᠡᠭᠦᠯᠵᠦ᠂ ᠡᠮᠦᠨ᠎ᠡ᠂᠂ ᠬᠤᠶᠢᠨ᠎ᠠ᠂ ᠵᠡᠭᠦᠨ ᠪᠠᠷᠠᠭᠤᠨ ᠣᠷᠣᠨ ᠪᠠᠶᠢᠷᠢ ᠶᠢ ᠮᠠᠭᠠᠳᠯᠠᠨ ᠲᠣᠭᠲᠠᠭᠠᠬᠤ ᠴᠢᠳᠠᠪᠤᠷᠢ ᠵᠢᠴᠢ ᠠᠮᠤᠷ ᠲᠦᠪᠰᠢᠨ ᠢᠶᠠᠷ ᠵᠢᠯᠣᠭᠤᠳᠬᠤ ᠤᠷ᠎ᠠ ᠴᠢᠳᠠᠪᠤᠷᠢ ᠶᠢ ᠡᠵᠡᠮᠰᠢᠭᠰᠡᠨ ᠪᠠᠶᠢᠳᠠᠯ ᠢ ᠰᠢᠯᠭᠠᠨ ᠳᠣᠭᠳᠠᠭᠠᠵᠤ᠂ ᠬᠥᠮᠦᠨ ᠪᠦᠬᠦᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠪᠠᠳᠣᠯᠠᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ  ᠦᠢᠯᠡᠳᠪᠦᠷᠢᠯᠡᠯ ᠤᠨ ᠰᠠᠭᠤᠷᠢ ᠴᠢᠨᠠᠷᠲᠠᠶ ᠠᠵᠢᠯ ᠢ ᠤᠷᠢᠳᠴᠢᠯᠠᠨ ᠰᠠᠶᠢᠲᠤᠷ ᠬᠢᠬᠦ ᠪᠠᠷ ᠴᠢᠷᠮᠠᠶᠢᠵᠤ ᠪᠠᠶᠢᠨ᠎ᠠ᠃      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢᠶᠠᠷ ᠠᠵᠢᠯᠯᠠᠬᠤ ᠬᠤᠷᠢᠭ᠎ᠠ ᠱᠤᠭᠤᠮ ᠢ ᠡᠷᠬᠡᠪᠰᠢ ᠴᠢᠩᠭ᠎ᠠ ᠰᠠᠬᠢᠬᠤ ᠬᠡᠷᠡᠭᠲᠡᠶ᠃ ᠰᠢᠯᠭᠠᠯᠲᠠ ᠶᠢᠨ ᠲᠤᠬᠠᠶ ᠶᠢᠨ ᠲᠠᠯᠠᠪᠠᠶ ᠳᠤ᠂ ᠰᠢᠯᠭᠠᠯᠲᠠ ᠶᠢᠨ ᠬᠢᠨᠠᠭᠴᠢᠳ ᠰᠢᠯᠭᠠᠯᠲᠠ ᠠᠴᠠ ᠡᠮᠦᠨ᠎ᠡ ᠰᠢᠯᠭᠠᠯᠲᠠ ᠶᠢᠨ ᠱᠠᠭᠠᠷᠳᠠᠯᠭ᠎ᠠ ᠪᠠ ᠰᠢᠯᠭᠠᠯᠲᠠ ᠶᠢᠨ ᠲᠠᠯᠠᠪᠠᠶ ᠶᠢᠨ ᠰᠠᠬᠢᠯᠭ᠎ᠠ ᠪᠠᠲᠤ ᠶᠢ ᠨᠠᠷᠢᠨ ᠬᠢᠨᠠᠮᠠᠭᠠᠶ ᠤᠩᠰᠢᠨ ᠨᠡᠶᠢᠲᠡᠯᠡᠭᠰᠡᠨ ᠪᠥᠭᠡᠳ ᠰᠢᠯᠭᠠᠭᠤᠯᠤᠭᠴᠢ ᠳᠤ ᠠᠮᠤᠷ ᠲᠦᠪᠰᠢᠨ ᠤ ᠲᠠᠯ᠎ᠠ ᠪᠠᠷ ᠬᠢ ᠠᠶᠤᠯ ᠲᠦᠭᠰᠢᠭᠦᠷᠢ ᠶᠢ ᠰᠡᠷᠡᠮᠵᠢᠯᠡᠭᠦᠯᠬᠦ ᠬᠥᠮᠦᠵᠢᠯ ᠬᠢᠵᠡᠶ᠃ ᠪᠣᠳᠠᠲᠤ ᠠᠬᠤᠢ ᠳᠤ ᠵᠢᠯᠤᠭᠤᠳᠬᠤ ᠶᠠᠪᠤᠴᠠ ᠳᠤ᠂ ᠰᠤᠷᠤᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠂ ᠱᠠᠭᠠᠷᠳᠠᠯᠭ᠎ᠠ ᠶᠣᠰᠣᠭᠠᠷ ᠲᠠᠰ ᠳᠠᠷᠠᠭᠠᠯᠠᠨ ᠡᠯ᠎ᠡ ᠲᠥᠷᠥᠯ ᠤᠨ ᠰᠢᠯᠭᠠᠯᠳᠡ ᠶᠢ ᠪᠡᠶᠡᠯᠡᠭᠦᠪᠡ᠃ ᠰᠢᠯᠭᠠᠯᠲᠠ ᠶᠢᠨ ᠬᠢᠨᠠᠭᠴᠢᠳ ᠰᠢᠯᠭᠠᠭᠤᠯᠤᠭᠴᠢ ᠨᠢᠭᠡᠪᠦᠷᠢ ᠶᠢᠨ ᠠᠵᠢᠯᠯᠠᠭ᠎ᠠ ᠵᠢᠴᠢ ᠲᠡᠷᠭᠡ ᠶᠠᠪᠤᠬᠤ ᠵᠠᠮ ᠢ ᠨᠠᠷᠢᠨ ᠬᠢᠨᠠᠮᠠᠭᠠᠶ ᠠᠵᠢᠭᠯᠠᠵᠤ᠂ ᠪᠦᠬᠦ᠋ᠢᠯᠡ ᠲᠠᠯᠠᠪᠠᠢ ᠳᠠᠬᠢ ᠪᠣᠳᠠᠲᠤ ᠠᠬᠤᠢ ᠳᠤ ᠵᠢᠯᠤᠭᠤᠳᠬᠤ ᠶᠠᠪᠤᠴᠠ ᠨᠢ ᠡᠮᠬᠢ ᠴᠡᠭᠴᠡ ᠲᠠᠢ ᠶᠠᠪᠤᠭᠳᠠᠵᠤ᠂ ᠠᠮᠤᠷ ᠲᠦᠪᠰᠢᠨ ᠡᠮᠬᠢ ᠵᠢᠷᠤᠮ ᠲᠠᠢ᠂ ᠳᠡᠰ ᠲᠠᠷᠠᠭᠠᠯᠠᠯ ᠨᠢ  ᠵᠢᠷᠤᠮᠵᠢᠯ ᠲᠠᠢ᠃ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠡᠷᠬᠡ ᠲᠡᠭᠰᠢ ᠲᠥᠪ ᠭᠤᠤᠯᠴᠢ ᠢᠯᠡ ᠲᠣᠳᠣ ᠪᠠᠶᠢᠬᠤ ᠵᠠᠷᠴᠢᠮ ᠢ ᠪᠠᠷᠢᠮᠲᠠᠯᠠᠵᠤ᠂ ᠠᠵᠢᠯᠲᠠᠳ ᠲᠤᠬᠠᠶ ᠶᠢᠨ ᠲᠠᠯᠠᠪᠤᠷ ᠲᠤ ᠬᠤᠪᠢ ᠥᠭᠴᠥ᠂ ᠲᠤᠬᠠᠶ ᠶᠢᠨ ᠲᠠᠯᠠᠪᠤᠷ ᠲᠤ ᠬᠢᠷᠢ ᠪᠦᠲᠦᠮᠵᠢ ᠶᠢ ᠨᠡᠶᠢᠳᠡᠯᠡᠨ᠂ ᠰᠢᠯᠭᠠᠭᠤᠯᠤᠭᠴᠢ ᠲᠤᠬᠠᠶ ᠶᠢᠨ ᠲᠠᠯᠠᠪᠤᠷ ᠲᠤ ᠭᠠᠷ ᠤᠨ ᠥᠰᠥᠭ ᠵᠢᠷᠤᠵᠤ ᠨᠤᠲᠠᠯᠠᠬᠤ ᠠᠷᠭ᠎ᠠ ᠮᠠᠶ᠋ᠢᠭ ᠢ ᠠᠪᠤᠭᠰᠠᠨ ᠨᠢ ᠰᠢᠯᠭᠠᠯᠲᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠢᠯᠭᠠᠭᠴᠢᠳ ᠤᠨ ᠨᠢᠭᠡᠳᠦᠯᠲᠡᠶ ᠵᠥᠪᠰᠢᠶᠡᠷᠡᠯ ᠪᠠ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ︽ᠲᠣᠰ ᠤᠳᠠᠭᠠᠨ ᠤ ᠰᠢᠯᠭᠠᠯᠲᠠ ᠪᠠᠷ ᠳᠡᠮᠵᠢᠨ᠂ ᠪᠢᠳᠡ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠦᠨᠡᠮᠯᠡᠯ ᠲᠠᠢ ᠪᠣᠯᠤᠭᠰᠠᠨ ᠪᠥᠭᠡᠳ ᠲᠠᠷᠢᠶᠠᠯᠠᠩ ᠤᠨ ᠮᠠᠰᠢᠨ ᠤ ᠵᠠᠷᠢᠮ ᠰᠢᠨᠵᠢ ᠴᠢᠳᠠᠪᠤᠷᠢ ᠶᠢ ᠦᠨᠡᠨ ᠬᠦ ᠣᠶᠢᠯᠠᠭᠠᠵᠤ ᠮᠡᠳᠡᠵᠥ᠂ ᠪᠢᠳᠡᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠪᠢᠳᠡᠨ ᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠶᠠᠪᠤᠴᠠ ᠳᠤ ᠲᠠᠷᠢᠶᠠᠯᠠᠩ ᠤᠨ ᠠᠵᠢᠯ ᠤᠨ ᠡᠭᠦᠷᠭᠡ ᠪᠠᠨ ᠨᠠᠩ ᠠᠮᠤᠷ ᠲᠦᠪᠰᠢᠨ᠂ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ ᠴᠢᠳᠠᠬᠤ ᠪᠤᠯᠭᠠᠵᠠᠢ︾ ᠬᠡᠵᠥ ᠰᠤᠷᠤᠭᠴᠢ ᠲᠢᠶᠠᠨ ᠵᠢᠶᠠᠨ ᠵᠢᠶᠦ᠋ᠨ ᠰᠡᠳᠬᠢᠯ ᠳᠣᠭᠳᠣᠯᠤᠨ ᠬᠡᠯᠡᠪᠡ᠃      ᠪᠠᠴᠢᠮ ᠶᠠᠭᠠᠷᠠᠯᠲᠠᠶ ᠡᠮᠬᠢ ᠵᠢᠷᠤᠮ ᠲᠠᠢ ᠪᠠᠷ ᠬᠢᠨᠠᠨ ᠰᠢᠯᠭᠠᠬᠤ ᠪᠠᠷ ᠳᠡᠮᠵᠢᠨ᠂ 67 ᠨᠡᠷᠡᠰ ᠲᠠᠷᠢᠶᠠᠯᠠᠩ ᠤᠨ ᠮᠠᠰᠢᠨ ᠤ ᠠᠵᠢᠯᠲᠠᠨ ᠯᠠᠪᠳᠠᠭᠤᠨ ᠪᠠᠲᠤᠲᠠᠶ ᠮᠡᠳᠡᠯᠭᠡ ᠶᠢᠨ ᠨᠥᠭᠡᠴᠡ ᠪᠠ ᠪᠣᠯᠪᠠᠰᠤᠷᠠᠩᠭᠤᠶ ᠠᠵᠢᠯᠯᠠᠬᠤ ᠤᠷ᠎ᠠ ᠴᠢᠳᠠᠪᠤᠷᠢ ᠳᠠᠭᠠᠨ ᠲᠦᠰᠢᠭᠯᠡᠨ ᠰᠢᠯᠭᠠᠯᠲᠠ ᠶᠢ ᠤᠷᠤᠭᠰᠢᠲᠠᠶ ᠥᠩᠭᠡᠷᠡᠭᠦᠯᠪᠡ᠃ ᠣᠯᠠᠨ ᠢᠶᠠᠷ ᠢᠶᠠᠨ ᠲᠣᠰ ᠤᠳᠠᠭᠠᠨ ᠤ ᠠᠵᠢᠯᠯᠠᠭ᠎ᠠ ᠨᠢ ᠲᠠᠷᠢᠶᠠᠯᠠᠩ ᠤᠨ ᠮᠠᠰᠢᠨ ᠢ ᠳᠥᠷᠢᠮᠵᠢᠭᠦᠨ ᠵᠢᠯᠤᠭᠤᠳᠬᠤ ᠳᠤ ᠭᠦᠨᠵᠡᠭᠡᠶ ᠳᠠᠨᠢᠯᠳᠡ ᠲᠠᠢ ᠪᠤᠯᠵᠤ᠂ ᠬᠤᠶᠢᠰᠢᠳᠠ ᠯᠠᠪᠲᠠᠶ ᠠᠮᠤᠷ ᠲᠦᠪᠰᠢᠨ ᠢᠶᠠᠷ ᠵᠢᠯᠣᠭᠤᠳᠴᠤ᠂ ᠲᠠᠷᠢᠶᠠᠯᠠᠩ ᠤᠨ ᠦᠢᠯᠡᠳᠪᠦᠷᠢᠯᠡᠯ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠵᠠᠩ ᠬᠤᠶ ᠵᠢᠶᠦ᠋ᠨ ᠢᠯᠡᠷᠬᠡᠶᠢᠯᠡᠬᠦ ᠳᠡᠭᠡᠨ᠄ ︽ᠲᠣᠰ ᠤᠳᠠᠭᠠᠨ ᠤ ᠪᠣᠳᠠᠲᠤ ᠠᠬᠤᠢ ᠳᠤ ᠵᠢᠯᠤᠭᠤᠳᠬᠤ ᠪᠠᠷ ᠳᠠᠮᠵᠢᠭᠤᠯᠤᠨ ᠵᠢᠯᠣᠭᠤᠴᠢ ᠶᠢᠨ ᠵᠢᠯᠣᠭᠤᠳᠬᠤ ᠠᠵᠢᠯᠯᠠᠭᠠᠨ ᠤ ᠤᠷ᠎ᠠ ᠴᠢᠳᠠᠪᠤᠷᠢ ᠪᠠ ᠠᠮᠤᠷ ᠲᠦᠪᠰᠢᠨ ᠢᠶᠠᠷ ᠠᠵᠢᠯᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠭᠥᠴᠥ ᠴᠢᠳᠠᠯ ᠨᠡᠮᠡᠷᠢᠯᠡᠵᠦ᠂ ᠲᠠᠷᠢᠶᠠᠨ ᠠᠵᠢᠯ ᠳᠤ ᠬᠠᠮᠠᠭᠠᠯᠠᠯᠳᠡ ᠬᠠᠩᠭᠠᠵᠤ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠪᠠᠨ ᠭᠠᠷᠴᠤ᠂ ᠨᠢᠭᠡ ᠪᠦᠯᠦᠭ ᠥᠨᠳᠥᠷ ᠬᠢᠷᠢ ᠲᠦᠪᠰᠢᠨ ᠪᠥᠬᠦᠶ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠴᠢᠳᠠᠪᠤᠷᠢᠲᠠᠨ ᠢ ᠬᠠᠩᠭᠠᠨ᠎ᠠ᠃︾       ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠲᠠᠷᠢᠶᠠᠯᠠᠩ ᠤᠨ ᠮᠠᠰᠢᠨ ᠤ ᠬᠡᠷᠡᠭᠯᠡᠯᠲᠡ ᠶᠢᠨ ᠳᠠᠪᠲᠠᠮᠵᠢ ᠶᠡᠭᠡ ᠪᠠᠷ ᠨᠡᠮᠡᠭᠳᠡᠵᠦ ᠪᠠᠶᠢᠨ᠎ᠠ᠃ ᠲᠣᠰ ᠤᠳᠠᠭᠠᠨ ᠤ ᠪᠣᠳᠠᠳᠣ ᠠᠬᠤᠢ ᠳᠤ ᠵᠢᠯᠤᠭᠤᠳᠤᠨ ᠬᠢᠨᠠᠨ ᠰᠢᠯᠭᠠᠯᠲᠠ ᠪᠠᠷ ᠳᠡᠮᠵᠢᠨ᠂ ᠲᠠᠷᠢᠶᠠᠯᠠᠩ ᠤᠨ ᠮᠠᠰᠢᠨ ᠤ ᠵᠢᠯᠣᠭᠤᠴᠢ ᠶᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠵᠤ᠂ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠬᠠᠤᠯᠢ ᠪᠠᠷ ᠵᠠᠰᠠᠬᠤ ᠦᠵᠡᠯᠲᠡ᠂ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠲᠡᠭᠦᠨ ᠤ ᠤᠷ᠎ᠠ ᠴᠢᠳᠠᠪᠤᠷᠢ ᠶᠢᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢ ᠥᠨᠳᠥᠷ ᠪᠦᠲᠦᠮᠵᠢᠲᠡᠶ ᠪᠠᠷ ᠠᠬᠢᠭᠤᠯᠬᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号