ᠲᠠᠷᠬᠠᠨ ᠮᠤᠤᠮᠢᠩᠭᠠᠨ ᠳᠤ ᠪᠠᠨ ᠬᠠᠶᠢᠷᠠᠲᠠᠢ ᠪᠢᠳᠡ ᠨᠠᠷ ᠬᠠᠮᠲᠤᠪᠠᠷ ᠴᠢᠷᠮᠠᠶᠢᠨ ᠲᠡᠮᠡᠴᠡᠶ᠎ᠡ︕
ᠨᠡᠶᠢᠲᠡᠯᠡᠭᠰᠡᠨ ᠴᠠᠭ᠄
2025/3/10
      ᠬᠥᠬᠡᠭᠴᠢᠨ ᠠᠯᠲᠠᠨ ᠮᠣᠭᠠᠢ ᠪᠠᠳᠠᠷᠠᠵᠤ᠂ ᠬᠠᠪᠤᠷ ᠤᠨ ᠲᠡᠷᠢᠭᠦᠨ ᠰᠠᠷ᠎ᠠ ᠳᠤ ᠲᠦᠮᠡᠨ ᠪᠤᠳᠠᠰ ᠠᠮᠢᠯᠠᠨ᠎ᠠ᠃ ᠤᠷᠢᠬᠠᠨ ᠬᠠᠪᠤᠷ ᠤᠨ ᠥᠭᠭᠢᠶᠡᠮᠦᠷ ᠰᠠᠯᠬᠢᠨ ᠤ ᠡᠷᠴᠢᠨ ᠳᠤ᠂ ᠪᠢᠳᠡ ᠡᠷᠦᠬᠡ ᠪᠣᠯᠭᠠᠨ ᠠᠴᠠ ᠭᠡᠷᠡᠯᠲᠦ ᠳᠤᠸᠠᠯᠠᠵᠤ ᠭᠡᠷ ᠬᠤᠲᠠᠯᠠᠭᠠᠷ ᠬᠤᠷᠠᠨ ᠴᠤᠭᠯᠠᠷᠠᠭᠰᠠᠨ ᠬᠠᠯᠠᠭᠤᠨ ᠳᠤᠯᠠᠭᠠᠨ ᠪᠠᠶᠠᠷᠲᠤ ᠮᠦᠴᠡ ᠠᠴᠠ ᠴᠤᠭ ᠵᠢᠪᠬᠤᠭ᠎ᠠ ᠲᠡᠭᠦᠯᠳᠡᠷ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠲᠠᠢ ᠪᠠᠷ᠂ ᠰᠢᠨ᠎ᠡ ᠬᠠᠪᠤᠷ ᠢ ᠴᠢᠭᠯᠡᠨ ᠰᠢᠨ᠎ᠡ ᠠᠶᠠᠨ ᠳᠤ ᠪᠠᠨ ᠮᠣᠷᠳᠠᠪᠠ᠃      ᠬᠠᠪᠤᠷ ᠪᠣᠯ ᠶᠠᠭ ᠰᠠᠶᠢᠬᠠᠨ ᠡᠬᠢᠯᠡᠵᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠴᠠᠭ ᠦᠶ᠎ᠡ ᠪᠣᠯᠤᠨ᠎ᠠ᠃ 2 ᠳ᠋ᠤᠭᠠᠷ ᠰᠠᠷ᠎ᠠ ᠶᠢᠨ 5 ᠤ ᠡᠳᠦᠷ ᠪᠣᠯ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ᠂ ᠬᠥᠬᠡᠭᠴᠢᠨ ᠮᠣᠭᠠᠢ ᠵᠢᠯ ᠤᠨ ᠠᠩᠬᠠᠨ ᠤ ᠠᠵᠢᠯᠯᠠᠬᠤ ᠡᠳᠦᠷ ᠪᠣᠯᠣᠨ᠎ᠠ᠃ ᠪᠥᠬᠦ ᠬᠤᠲᠠ ᠶᠢᠨ ᠰᠢᠨ᠎ᠡ ᠵᠢᠯ ᠳᠠᠬᠢ ᠠᠩᠬᠠᠨ ᠤ ᠬᠤᠷᠠᠯ — ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠬᠢᠭᠡᠳ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠲᠣᠭᠲᠠᠭᠰᠠᠨ ᠬᠤᠭᠤᠴᠠᠭᠠᠨ ᠳᠤ ᠶᠠᠪᠤᠭᠳᠠᠵᠤ᠂ ᠪᠥᠬᠦ ᠵᠢᠯ ᠤᠨ ᠬᠥᠭᠵᠢᠯᠲᠡ ᠶᠢᠨ ᠦᠨᠳᠦᠰᠦᠨ ᠬᠥᠭ ᠠᠶᠠᠰ ᠢ ᠲᠣᠭᠲᠠᠭᠠᠨ᠂ ᠭᠤᠤᠯᠳᠠᠯᠭ᠎ᠠ ᠶᠢ ᠲᠥᠯᠥᠪᠵᠢᠭᠦᠯᠵᠦ᠂ ᠴᠢᠭᠯᠡᠯ ᠢ ᠵᠢᠭᠠᠵᠤ ᠥᠭᠪᠡ᠃ ᠬᠥᠬᠡᠭᠴᠢᠨ ᠮᠣᠭᠠᠢ ᠵᠢᠯ᠂ ᠶᠡᠷᠦ ᠪᠤᠰᠤ ᠶᠢᠨ ᠵᠢᠯ ᠪᠣᠯᠬᠤ ᠨᠢ ᠵᠠᠶᠢᠯᠠᠰᠢ ᠦᠭᠡᠢ᠃ ᠡᠨᠡ ᠬᠦ ᠬᠠᠪᠤᠷ ᠠᠴᠠ ᠡᠬᠢᠯᠡᠵᠦ᠂ ᠡᠭᠦᠷᠭᠡ ᠪᠠᠨ ᠮᠡᠳᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠡᠭᠦᠷᠭᠡᠯᠡᠨ ᠭᠦᠢᠴᠡᠳᠬᠡᠵᠦ᠂ ᠡᠷᠬᠡᠪᠰᠢ ᠭᠤᠣᠯ ᠡᠭᠦᠷᠭᠡ ᠶᠢ ᠡᠭᠦᠷᠭᠡᠯᠡᠬᠦ ᠢᠲᠡᠭᠡᠯ ᠵᠣᠷᠢᠭ ᠢᠶᠠᠨ ᠪᠠᠲᠤᠳᠬᠠᠵᠤ᠂ ᠭᠤᠣᠯ ᠡᠭᠦᠷᠭᠡ ᠶᠢ ᠡᠭᠦᠷᠭᠡᠯᠡᠬᠦ ᠠᠵᠢᠯᠯᠠᠭ᠎ᠠ ᠥᠷᠨᠢᠭᠦᠯᠵᠦ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠥᠨᠳᠥᠷ ᠲᠦᠪᠰᠢᠨ ᠳᠤ ᠬᠦᠷᠬᠦ ᠬᠡᠷᠡᠭᠲᠡᠢ᠃      ᠰᠢᠨ᠎ᠡ ᠠᠶᠠᠨ ᠢᠶᠠᠨ ᠪᠠᠷᠠᠯᠠᠬᠤᠶ᠎ᠠ᠂ ᠪᠢᠳᠡ ᠨᠠᠩ ᠢᠲᠡᠭᠡᠯ ᠲᠡᠭᠦᠯᠳᠡᠷ ᠪᠣᠯᠪᠠ᠃ ᠡᠨᠡ ᠬᠦ ᠢᠲᠡᠭᠡᠯ ᠨᠢ 2024 ᠣᠨ ᠳᠠᠬᠢ ᠡᠯᠪᠡᠭ ᠪᠠᠶᠠᠯᠢᠭ ᠦᠷ᠎ᠡ ᠪᠦᠲᠦᠭᠡᠯ ᠠᠴᠠ ᠢᠷᠡᠭᠰᠡᠨ ᠢᠶᠠᠷ ᠪᠠᠷᠠᠬᠤ ᠦᠭᠡᠢ᠂ ᠴᠠᠭᠠᠨ ᠰᠠᠷ᠎ᠠ ᠠᠴᠠ ᠡᠮᠦᠨ᠎ᠡ ᠥᠨᠳᠥᠷᠯᠡᠭᠰᠡᠨ ᠬᠤᠶᠠᠷ ᠬᠤᠷᠠᠯ ᠪᠢᠳᠡᠨ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠥᠭᠭᠦᠭᠰᠡᠨ ᠠᠴᠠ ᠢᠷᠡᠵᠦ᠂ ᠪᠠᠰᠠ ᠰᠠᠶ᠋ᠢᠬᠠᠨ ᠥᠩᠭᠡᠷᠡᠭᠰᠡᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠠᠵᠢᠯ ᠲᠦᠷᠦᠯ ᠤᠨ ᠡᠷᠡᠰ ᠪᠠᠲᠤ ᠪᠠᠷᠢᠮᠲᠠᠯᠠᠯ ᠠᠴᠠ ᠢᠷᠡᠪᠡ᠄ ᠴᠠᠭᠠᠨ ᠰᠠᠷ᠎ᠠ ᠶᠢᠨ ᠬᠤᠭᠤᠴᠠᠭᠠᠨ ᠳᠤ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠭᠠᠵᠠᠷ ᠲᠤ ᠴᠥᠭᠡᠨ ᠪᠤᠰᠤ ᠴᠢᠬᠤᠯᠠ ᠶᠡᠭᠡ ᠲᠦᠷᠦᠯ ᠵᠦᠢᠯ ᠢ ᠱᠠᠯᠠᠪᠳᠠᠨ ᠬᠡᠷᠡᠭᠵᠢᠭᠦᠯᠵᠦ᠂ ︽ᠡᠬᠢᠯᠡᠮᠡᠭᠴᠡ ᠠᠮᠵᠢᠯᠲᠠ ᠪᠠᠶᠢᠬᠤ︾ ᠪᠠᠷ ᠴᠢᠷᠮᠠᠶᠢᠨ ᠲᠡᠮᠡᠴᠡᠵᠦ᠂ ᠮᠠᠰᠢ ᠤᠯᠠᠨ ᠠᠵᠤ ᠦᠢᠯᠡᠳᠪᠦᠷᠢ ᠠᠵᠤ ᠠᠬᠤᠶᠢᠯᠠᠯ ᠴᠤ ᠥᠨᠳᠥᠷ ᠪᠦᠲᠦᠮᠵᠢᠲᠡᠢ ᠠᠵᠢᠯᠯᠠᠵᠤ᠂ ᠦᠢᠯᠡᠳᠪᠦᠷᠢᠯᠡᠯ ᠢᠶᠠᠨ ᠲᠦᠷᠭᠡᠳᠬᠡᠪᠡ︔ ᠵᠡᠭᠡᠯᠢ ᠭᠤᠳᠤᠮᠵᠢ ᠂ ᠵᠠᠬ᠎ᠠ ᠳᠡᠯᠭᠡᠭᠦᠷ᠂ ᠬᠤᠳᠠ ᠶᠢᠨ ᠬᠠᠮᠢᠶᠠᠷᠤᠯᠲᠠ᠂ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ᠂ ᠡᠮᠴᠢ ᠰᠤᠪᠢᠯᠠᠭᠴᠢ ᠵᠡᠷᠭᠡ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠠᠭᠠᠨ ᠰᠠᠷ᠎ᠠ ᠶᠢᠨ ᠠᠮᠤᠷ ᠲᠦᠪᠰᠢᠨ ᠤ ᠲᠣᠣᠷ ᠢ ᠬᠠᠮᠲᠤ ᠪᠠᠷ ᠪᠠᠶᠢᠭᠤᠯᠪᠠ︔ ᠬᠤᠳᠠᠯᠳᠤᠭ᠎ᠠ ᠬᠡᠲᠦ ᠳᠡᠯᠭᠡᠭᠦᠷ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ ᠦᠢᠯᠡᠰ ᠦᠷᠭᠦᠯᠵᠢᠯᠡᠨ ᠬᠠᠯᠠᠮᠰᠢᠵᠤ᠂ ᠰᠣᠶᠣᠯ ᠤᠨ ᠬᠡᠷᠡᠭᠯᠡᠭᠡ ᠲᠠᠰᠤᠷᠠᠯᠲᠠ ᠦᠭᠡᠢ ᠳᠡᠭᠡᠭᠰᠢᠯᠡᠪᠡ ᠁ ᠴᠠᠭᠠᠨ ᠰᠠᠷ᠎ᠠ ᠶᠢᠨ ᠠᠮᠠᠷᠠᠯᠲᠠ ᠨᠢᠭᠡᠨᠲᠡ ᠳᠠᠭᠤᠰᠴᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠦᠳᠲᠡᠷ ᠲᠦᠷᠭᠡᠨ ᠢᠶᠠᠷ ᠰᠡᠳᠬᠢᠯ ᠰᠠᠨᠠᠭ᠎ᠠ ᠪᠠᠨ ᠬᠤᠷᠢᠶᠠᠵᠦ᠂ ᠪᠠᠴᠢᠮ ᠶᠠᠭᠠᠷᠠᠯᠲᠠᠢ ᠪᠠᠷ ᠠᠵᠢᠯ ᠤᠨ ᠪᠠᠶᠢᠳᠠᠯ ᠳᠤ ᠣᠷᠣᠵᠤ᠂ ᠨᠡᠩ ᠪᠠᠳᠠᠷᠠᠩᠭᠤᠢ ᠵᠣᠷᠢᠭ ᠰᠠᠨᠠᠭ᠎ᠠ᠂ ᠨᠡᠩ ᠣᠷᠭᠢᠯᠤᠮ᠎ᠠ ᠲᠡᠮᠡᠴᠡᠯ ᠤᠨ ᠵᠣᠷᠢᠭ᠂ ᠨᠡᠩ ᠴᠢᠩᠭ᠎ᠠ ᠬᠠᠷᠢᠭᠤᠴᠠᠯᠭᠠᠲᠤ ᠤᠬᠠᠮᠰᠠᠷ ᠢᠶᠠᠷ ᠲᠠᠷᠬᠠᠨ ᠮᠤᠤᠮᠢᠩᠭᠠᠨ ᠤ ᠬᠥᠭᠵᠢᠯᠲᠡ ᠶᠢᠨ ᠶᠡᠭᠡ ᠤᠷᠤᠰᠬᠠᠯ ᠳᠤ ᠢᠳᠡᠪᠬᠢᠲᠡᠢ ᠣᠷᠣᠯᠴᠠᠵᠤ᠂ ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ ᠂ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠬᠦ ᠪᠠᠷ ᠪᠣᠢ᠃      ᠶᠡᠭᠡ ᠶᠣᠰᠤ ᠬᠠᠮᠤᠭ ᠤᠨ ᠬᠢᠯᠪᠠᠷ᠂ ᠪᠣᠳᠠᠲᠠᠢ ᠬᠢᠬᠦ ᠪᠠᠷ ᠴᠢᠬᠤᠯᠠ ᠪᠣᠯᠭᠠᠮᠤᠢ︔ ᠶᠡᠭᠡ ᠵᠠᠮ ᠪᠢᠯᠡᠭᠦᠦ ᠮᠡᠲᠦ ᠲᠡᠭᠰᠢᠬᠡᠨ᠂ ᠴᠢᠷᠮᠠᠶᠢᠨ ᠲᠡᠮᠡᠴᠡᠪᠡᠯ ᠠᠮᠵᠢᠯᠲᠠ ᠳᠤ ᠬᠦᠷᠦᠮᠦᠢ᠃ 2024 ᠣᠨ ᠳᠤ ᠳᠠᠪᠬᠤᠷ ᠳᠠᠪᠬᠤᠷ ᠳᠠᠷᠤᠯᠲᠠ ᠪᠠ ᠥᠷᠢᠰᠦᠯᠳᠦᠭᠡᠨ ᠤ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠬᠢᠷᠢ ᠪᠦᠲᠦᠮᠵᠢ ᠲᠣᠪᠣᠶᠢᠮ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠡᠷᠭᠡ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠡᠮᠡᠭᠳᠡᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ︔  ᠰᠢᠨ᠎ᠡ ᠡᠨᠧᠷᠭᠢ ᠶᠢᠨ ᠠᠵᠤ ᠦᠢᠯᠡᠰ ᠤᠨ ᠵᠠᠮ ᠲᠦᠷᠭᠡᠨ ᠬᠥᠭᠵᠢᠵᠦ᠂ ᠰᠢᠨ᠎ᠡ ᠪᠠᠷ ᠵᠥᠪᠰᠢᠶᠡᠷᠡᠭᠳᠡᠭᠰᠡᠨ ᠭᠦᠢᠴᠡᠳᠬᠡᠯ ᠲᠤᠭ᠎ᠠ᠂ ᠪᠠᠶᠢᠭᠤᠯᠵᠤ ᠪᠠᠶᠢᠭ᠎ᠠ ᠬᠡᠪᠴᠢᠶ᠎ᠡ ᠵᠢᠴᠢ ᠲᠣᠣᠷ ᠲᠤ ᠨᠡᠶᠢᠯᠡᠭᠦᠯᠬᠦ ᠬᠡᠪᠴᠢᠶ᠎ᠡ ᠦᠷᠭᠦᠯᠵᠢᠯᠡᠨ ᠥᠷᠭᠡᠳᠴᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠡᠮᠡᠭᠳᠡᠯ ᠦᠷᠳᠡᠭ ᠨᠡᠮᠡᠭᠳᠡᠵᠦ᠂ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠪᠣᠯᠤᠨ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠢ ᠪᠠᠶᠢᠭᠤᠯᠤᠭᠰᠠᠨ ᠨᠢ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ︔ ᠲᠠᠷᠢᠶᠠᠯᠠᠩ ᠮᠠᠯ ᠠᠵᠤ ᠠᠬᠤᠶ ᠨᠢ ᠲᠣᠭᠲᠠᠭᠤᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠳᠡᠰ ᠳᠡᠪᠰᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠳᠤ ᠥᠩᠭᠡ ᠭᠢᠯᠪᠠᠭ᠎ᠠ ᠪᠠᠨ ᠰᠠᠴᠤᠷᠠᠭᠤᠯᠵᠤ᠂ ᠣᠨᠴᠠᠯᠢᠭᠲᠤ ᠠᠵᠢᠯᠯᠠᠭ᠎ᠠ ᠨᠢ ᠶᠡᠭᠡ ᠬᠡᠮᠵᠢᠶᠡᠨ ᠤ ᠠᠶᠠᠨᠴᠢᠳ ᠤᠨ ᠤᠷᠤᠰᠬᠠᠯ ᠢ ᠲᠠᠲᠠᠪᠠ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠠᠰᠤ ᠴᠢᠨᠠᠷ ᠤᠨ ᠦᠰᠦᠷᠦᠯᠲᠡ ᠶᠢ ᠪᠡᠶᠡᠯᠡᠭᠦᠯᠵᠦ᠂ ᠠᠮᠢ ᠠᠬᠤᠢ ᠶᠢ ᠰᠡᠷᠭᠦᠭᠡᠬᠦ ᠪᠠ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠳᠤ ᠠᠮᠢ ᠠᠬᠤᠢ ᠶᠢᠨ ᠰᠠᠭᠤᠷᠢ ᠶᠢ ᠪᠠᠬᠢᠵᠢᠭᠦᠯᠪᠡ︔ ᠬᠤᠲᠠ ᠪᠠᠯᠭᠠᠰᠤ ᠶᠢ ᠰᠢᠨᠡᠳᠬᠡᠬᠦ ᠨᠢ ᠰᠠᠭᠤᠭᠠᠯᠢ ᠠᠷᠠᠳ ᠤᠨ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠨ ᠬᠥᠮᠦᠵᠢᠯ ᠡᠮ ᠡᠮᠨᠡᠯᠭᠡ ᠰᠣᠶᠣᠯ ᠤᠨ ᠦᠢᠯᠡᠰ ᠪᠥᠬᠦ ᠲᠠᠯ᠎ᠠ ᠪᠠᠷ ᠳᠠᠪᠰᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃      2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠳᠤ ᠪᠠᠲᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠮᠥᠨ᠃ ᠡᠮᠦᠨᠡᠬᠢ ᠵᠠᠮ ᠢᠶᠠᠨ ᠪᠠᠷᠠᠯᠠᠬᠤ ᠳᠤ᠂ ᠳᠠᠷᠤᠯᠲᠠ ᠲᠠᠢ ᠨᠡᠩ ᠴᠤ ᠬᠥᠳᠡᠯᠭᠡᠬᠦ ᠬᠦᠴᠦᠨ ᠲᠠᠢ᠂ ᠥᠷᠢᠰᠥᠯᠳᠦᠭᠡᠨ ᠲᠠᠢ ᠨᠡᠩ ᠴᠤ ᠠᠵᠠ ᠲᠣᠬᠢᠶᠠᠯ ᠲᠠᠢ᠃ ᠬᠢᠪᠡᠯ ᠪᠦᠲᠦᠵᠦ᠂ ᠶᠠᠪᠤᠪᠠᠯ ᠬᠦᠷᠦᠨ᠎ᠡ᠃ ᠪᠢᠳᠡ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ︽ᠰᠠᠨᠠᠭᠠᠴᠢᠯᠠᠭᠠᠲᠤ ᠪᠠᠶᠢᠯᠳᠤᠭᠠᠨ︾ ᠢ ᠡᠷᠡᠰ ᠰᠠᠶᠢᠲᠤᠷ ᠬᠢᠵᠦ᠂ ︽ᠡᠬᠢᠯᠡᠮᠡᠭᠴᠡ ᠠᠮᠵᠢᠯᠲᠠ ᠲᠠᠢ︾ ᠪᠠᠶᠢᠬᠤ ᠶᠢ ᠲᠡᠮᠡᠴᠡᠨ ᠣᠯᠵᠤ᠂ ᠵᠢᠱᠢᠯᠲᠡ ᠶᠢ ᠨᠡᠩ ᠰᠠᠶᠢᠲᠤᠷ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠥᠳᠡᠯᠭᠡᠬᠦ ᠬᠦᠴᠦᠨ ᠢᠶᠠᠨ ᠨᠡᠮᠡᠭᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠠᠷᠬᠠᠨ ᠮᠤᠤᠮᠢᠩᠭᠠᠨ ᠤ ᠦᠢᠯᠡᠳᠦᠯᠭᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃      ᠬᠠᠷᠠᠯᠲᠠ᠂ ᠡᠭᠦᠷᠭᠡ᠂ ᠵᠠᠮ ᠨᠢᠭᠡᠨᠲᠡ ᠲᠣᠭᠲᠠᠵᠤ᠂ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ᠃      ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠰᠠᠬᠢᠵᠤ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠡᠭᠦᠷᠭᠡᠯᠡᠪᠡᠯ ᠰᠠᠶ᠋ᠢ ᠢᠲᠡᠭᠡᠯ ᠵᠣᠷᠢᠭ ᠢᠶᠠᠨ ᠪᠠᠲᠤᠳᠬᠠᠵᠤ᠂ ᠬᠥᠳᠡᠯᠭᠡᠬᠦ ᠬᠦᠴᠦᠨ ᠢᠶᠠᠨ ᠬᠥᠭᠵᠢᠭᠡᠵᠦ᠂ ᠬᠠᠳᠠᠭᠠᠰᠤ ᠬᠠᠳᠠᠬᠤ ᠡᠷᠴᠢ ᠵᠣᠷᠢᠭ᠂ ᠡᠷᠴᠢ ᠵᠣᠷᠢᠭ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ ᠴᠢᠳᠠᠨ᠎ᠠ᠃      ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠰᠠᠶᠢᠲᠤᠷ ᠬᠢᠵᠦ ᠰᠠᠶᠢᠲᠤᠷ ᠪᠦᠲᠦᠭᠡᠬᠦ ᠬᠡᠷᠡᠭᠲᠡᠢ᠃ ᠥᠭᠡᠷᠡᠴᠢᠯᠡᠯᠲᠡ ᠶᠢ ᠨᠢᠭᠡ ᠯᠡ ᠳᠡᠭᠡᠷ᠎ᠡ ᠪᠦᠲᠦᠭᠡᠵᠦ ᠴᠢᠳᠠᠬᠤ ᠦᠭᠡᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠬᠦᠴᠢᠷᠳᠡᠯ ᠨᠢ ᠶᠠᠪᠤᠳᠠᠯ ᠪᠦᠬᠦᠨ ᠢ ᠢᠮᠠᠭᠲᠠ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ᠂ ᠭᠤᠣᠯᠳᠠᠯᠭ᠎ᠠ ᠨᠢ ᠡᠷᠡᠰ ᠬᠠᠳᠠᠨ ᠵᠣᠷᠢᠭ ᠲᠤ ᠪᠣᠢ᠂ ᠡᠷᠬᠡᠪᠰᠢ ︽ᠮᠢᠩᠭᠠᠨ ᠪᠡᠷᠬᠡᠰᠢᠶᠡᠯ ᠢᠶᠠᠷ ᠬᠠᠲᠠᠭᠤᠵᠢᠵᠤ᠂ ᠳᠥᠷᠪᠡᠨ ᠵᠦᠭ ᠤᠨ ᠰᠠᠯᠬᠢᠨ ᠳᠤ ᠲᠡᠰᠪᠦᠷᠢᠲᠡᠢ︾ ᠢᠲᠡᠭᠡᠯ ᠵᠣᠷᠢᠭ ᠢᠶᠠᠷ᠂ ᠬᠡᠯᠪᠡᠶᠢᠬᠦ ᠦᠭᠡᠢ᠂ ᠶᠠᠩᠵᠤ ᠪᠠᠨ ᠠᠯᠳᠠᠬᠤ ᠦᠭᠡᠢ᠂ ᠤᠭ ᠰᠠᠨᠠᠭ᠎ᠠ ᠪᠠᠨ ᠬᠤᠪᠢᠷᠠᠭᠤᠯᠬᠤ ᠦᠭᠡᠢ᠂ ᠠᠯᠬᠤᠴᠠ ᠪᠠᠨ ᠰᠠᠮᠠᠭᠤᠷᠠᠭᠤᠯᠬᠤ ᠦᠭᠡᠢ᠂ ᠡᠴᠦᠰ ᠲᠤ ᠨᠢ ᠲᠤᠯᠬᠤ ᠦᠭᠡᠢ ᠪᠣᠯ ᠭᠠᠷ ᠰᠠᠯᠬᠤ ᠦᠭᠡᠢ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠵᠣᠭᠰᠣᠬᠤ ᠦᠭᠡᠢ ᠪᠠᠶᠢᠬᠤ ᠬᠡᠷᠡᠭᠲᠡᠢ᠃     ᠬᠠᠷᠠᠯᠲᠠ ᠪᠠᠨ ᠲᠣᠭᠲᠠᠭᠠᠵᠤ᠂ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ ᠬᠠᠳᠠᠭᠠᠰᠤ ᠬᠠᠳᠠᠬᠤ ᠶᠢᠨ ᠤᠷᠢᠳᠠᠯ ᠨᠢ ᠣᠷᠣᠨ ᠪᠠᠶᠢᠷᠢ ᠪᠠᠨ ᠣᠨᠣᠪᠴᠢᠲᠠᠢ ᠡᠷᠢᠵᠦ᠂ ᠬᠠᠷᠠᠯᠲᠠ ᠲᠠᠢ ᠪᠠᠷ ᠰᠤᠮᠤ ᠬᠠᠷᠪᠤᠬᠤ ᠶᠠᠪᠤᠳᠠᠯ ᠪᠣᠯᠣᠨ᠎ᠠ ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠢᠨᠵᠢᠯᠡᠵᠦ᠂ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠲᠥᠰᠦᠯ ᠢ ᠲᠣᠭᠲᠠᠭᠠᠬᠤ ᠬᠡᠷᠡᠭᠲᠡᠢ︔ ᠶᠡᠭᠡ ᠲᠠᠯ᠎ᠠ ᠲᠠᠢ ᠵᠡᠷᠭᠡ ᠪᠠᠷ ᠤᠷᠤᠭᠰᠢᠯᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ︽ᠲᠦᠷᠪᠡᠨ ᠯᠠᠩ ᠢᠶᠠᠷ ᠮᠢᠩᠭᠠᠨ ᠵᠢᠩ ᠢ ᠬᠥᠳᠡᠯᠭᠡᠬᠦ︾ ᠶᠢ ᠪᠡᠶᠡᠯᠡᠭᠦᠯᠬᠦ ᠬᠡᠷᠡᠭᠲᠡᠢ︔ ᠨᠢᠭᠲᠠ ᠠᠴᠠ ᠨᠢᠭᠲᠠ ᠪᠠᠶᠢᠵᠤ᠂ ᠪᠣᠳᠠᠲᠤ ᠦᠷ᠎ᠡ ᠪᠦᠲᠦᠮᠵᠢ ᠶᠢ ᠴᠢᠩᠭ᠎ᠠ ᠠᠩᠬᠠᠷᠴᠤ᠂ ︽ᠪᠠᠭ᠎ᠠ ᠢᠯᠠᠯᠲᠠ ᠶᠢ ᠬᠤᠷᠠᠮᠳᠤᠭᠤᠯᠵᠤ ᠶᠡᠭᠡ ᠢᠯᠠᠯᠲᠠ ᠶᠢ ᠣᠯᠬᠤ︾ ᠶᠢ ᠪᠠᠲᠤᠯᠠᠵᠤ᠂ ᠠᠵᠢᠯ ᠤᠨ ᠦᠷ᠎ᠡ ᠪᠦᠲᠦᠮᠵᠢ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃      ᠬᠠᠪᠤᠷ ᠨᠢᠭᠡᠨᠲᠡ ᠠᠯᠬᠤᠨ ᠬᠦᠷᠴᠦ ᠢᠷᠡᠪᠡ᠂ ᠶᠠᠭ ᠪᠢᠳᠡᠨ ᠤ ᠳᠠᠬᠢᠨ ᠬᠤᠶᠠᠭᠯᠠᠵᠤ᠂ ᠳᠠᠬᠢᠨ ᠮᠣᠷᠳᠠᠬᠤ ᠰᠠᠶᠢᠨ ᠴᠠᠭ ᠦᠶ᠎ᠡ ᠪᠣᠯᠤᠨ᠎ᠠ᠃ ᠰᠢᠨ᠎ᠡ ᠨᠢᠭᠡᠨ ᠵᠢᠯ ᠳᠤ᠂ ᠰᠢᠨ᠎ᠡ ᠬᠠᠷᠠᠯᠲᠠ᠂ ᠰᠢᠨ᠎ᠡ ᠥᠷᠢᠰᠦᠯᠳᠦᠭᠡᠨ᠂ ᠭᠡᠪᠡᠴᠦ ᠪᠠᠰᠠ ᠰᠢᠨ᠎ᠡ ᠬᠦᠰᠡᠯ ᠡᠷᠡᠮᠡᠯᠵᠡᠯ ᠪᠠ ᠠᠵᠠ ᠲᠣᠬᠢᠶᠠᠯ ᠢᠶᠠᠷ ᠪᠢᠯᠬᠠᠵᠤ ᠪᠠᠶᠢᠨ᠎ᠠ᠃ ᠪᠢᠳᠡ ᠣᠷᠭᠢᠯᠤᠮ᠎ᠠ ᠬᠠᠯᠠᠭᠤᠨ ᠰᠡᠳᠬᠢᠯᠭᠡ᠂ ᠢᠳᠡᠪᠬᠢᠲᠡᠢ ᠣᠪᠣᠷ ᠢᠶᠠᠷ ᠠᠵᠢᠯ ᠳᠤ ᠪᠠᠨ ᠣᠷᠣᠯᠴᠠᠵᠤ᠂ ︽ᠡᠬᠢᠯᠡᠮᠡᠭᠴᠡ ᠳᠠᠷᠤᠢ ᠰᠢᠪᠲᠤᠯᠬᠤ︾ ᠡᠷᠴᠢ ᠵᠣᠷᠢᠭ ᠢᠶᠠᠨ ᠬᠥᠪᠴᠢᠯᠡᠵᠦ᠂ ᠬᠠᠨᠴᠤᠢ ᠰᠢᠮᠠᠯᠠᠨ ᠴᠢᠷᠮᠠᠶᠢᠨ ᠠᠵᠢᠯᠯᠠᠶ᠎ᠠ︕      ᠰᠢᠨ᠎ᠡ ᠨᠢᠭᠡ ᠵᠢᠯ ᠳᠤ᠂ ᠪᠢᠳᠡ ᠬᠠᠪᠤᠷ ᠤᠨ ᠦᠷ᠎ᠡ ᠰᠢᠭ ᠬᠥᠷᠥᠰᠥᠨ ᠳᠤ ᠦᠨᠳᠦᠰᠦᠯᠡᠵᠦ᠂ ᠬᠦᠴᠦᠯᠡᠨ ᠤᠷᠭᠤᠶ᠎ᠠ︔ ᠤᠷᠢᠬᠠᠨ ᠰᠠᠯᠬᠢ ᠰᠢᠭ᠋ ᠡᠬᠡ ᠭᠠᠵᠠᠷ ᠢ ᠢᠯᠪᠢᠵᠦ᠂ ᠠᠮᠢᠵᠢᠷᠠᠯ ᠤᠨ ᠬᠦᠴᠦᠨ ᠢ ᠠᠪᠴᠢᠷᠠᠶ᠎ᠠ᠃ ᠪᠢᠳᠡ ᠪᠣᠳᠠᠲᠠᠢ ᠠᠵᠢᠯᠯᠠᠬᠤ ᠪᠠᠷ ᠰᠡᠯᠢᠭᠦᠷ ᠢᠶᠠᠨ ᠪᠣᠯᠭᠠᠵᠤ᠂ ᠰᠢᠨ᠎ᠡ ᠶᠢ ᠡᠭᠦᠳᠬᠦ ᠪᠠᠷ ᠳᠠᠷᠪᠠᠭᠤᠯ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠶᠠᠯᠠᠯ ᠤᠨ ᠳᠤᠮᠳᠠ ᠰᠠᠯᠬᠢ ᠳᠠᠪᠠᠯᠭᠠᠨ ᠢ ᠵᠦᠰᠦᠨ ᠤᠷᠤᠭᠰᠢᠯᠠᠵᠤ᠂ ᠮᠠᠨ ᠤ ᠭᠤᠶᠢᠳᠠ ᠰᠠᠶᠢᠬᠠᠨ ᠬᠠᠭᠤᠳᠠᠰᠤ ᠶᠢ ᠬᠠᠮᠲᠤᠪᠠᠷ ᠪᠢᠴᠢᠭᠯᠡᠶ᠎ᠡ︕      ᠴᠢᠷᠮᠠᠢ᠂ ᠡᠷᠡᠯᠬᠡᠭᠯᠡᠨ ᠲᠡᠮᠡᠴᠡᠬᠦ ᠪᠢᠳᠡ ᠨᠠᠷ᠂ ᠵᠠᠶᠢᠯᠠᠰᠢ ᠦᠭᠡᠢ ᠶᠡᠷᠤ ᠶᠢᠨ ᠪᠤᠰᠤ ᠶᠢᠨ ᠶᠤᠮ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号