10 ᠤ ᠡᠳᠦᠷ ᠠᠴᠠ 12 ᠤᠨ ᠡᠳᠦᠷ ᠪᠣᠯᠲᠠᠯ᠎ᠠ ᠮᠠᠨ ᠤ ᠬᠤᠰᠢᠭᠤᠨ ᠳᠤ ᠶᠡᠭᠡ ᠬᠡᠪᠴᠢᠶᠡᠨ ᠤ ᠡᠯᠡᠰᠦᠨ ᠰᠢᠭᠤᠷᠭ᠎ᠠ ᠰᠢᠭᠤᠷᠠᠨ᠎ᠠ
ᠨᠡᠶᠢᠲᠡᠯᠡᠭᠰᠡᠨ ᠴᠠᠭ᠄
2025/3/10
ᠨᠢᠭᠡ᠂ ᠴᠠᠭ ᠠᠭᠤᠷ ᠤᠨ ᠶᠠᠪᠤᠴᠠ ᠶᠢᠨ ᠤᠷᠢᠳᠴᠢᠯᠠᠭᠰᠠᠨ ᠮᠡᠳᠡᠭᠡ      ᠬᠦᠢᠲᠡᠨ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ ᠵᠢᠱᠢᠯᠲᠡ ᠪᠠᠷ 3 ᠰᠠᠷ᠎ᠠ ᠶᠢᠨ 10 ᠤ ᠡᠳᠦᠷ ᠤᠨ ᠣᠷᠣᠢ ᠠᠴᠠ 12 ᠤᠨ ᠡᠳᠦᠷ ᠤᠨ ᠥᠷᠯᠥᠭᠡ ᠪᠣᠯᠲᠠᠯ᠎ᠠ᠂ ᠮᠠᠨ ᠤ ᠬᠤᠰᠢᠭᠤᠨ ᠳᠤ ᠶᠡᠭᠡ ᠬᠡᠪᠴᠢᠶᠡᠨ ᠤ ᠡᠯᠡᠰᠦᠨ ᠰᠢᠭᠤᠷᠭ᠎ᠠ ᠰᠢᠭᠤᠷᠠᠨ᠎ᠠ᠂ ᠶᠡᠭᠡ ᠰᠠᠯᠬᠢ ᠡᠯᠡᠰᠦᠨ ᠰᠢᠭᠤᠷᠭ᠎ᠠ ᠲᠠᠢ ᠴᠠᠭ ᠠᠭᠤᠷ ᠤᠨ ᠬᠠᠮᠤᠭ ᠤᠨ ᠶᠡᠭᠡ ᠴᠠᠭ ᠬᠤᠭᠤᠴᠠᠭ᠎ᠠ ᠨᠢ 11 ᠤ ᠡᠳᠦᠷ ᠢᠯᠡᠷᠡᠵᠦ᠂ ᠡᠨᠡ ᠬᠤᠭᠤᠴᠠᠭᠠᠨ ᠳᠤ ᠳᠣᠯᠠᠭᠠᠨ ᠤ ᠬᠡᠮᠵᠢᠶ᠎ᠡ 4 ~ 6 ᠭᠷᠠᠳᠦ᠋ᠰ ᠪᠠᠭᠤᠷᠠᠬᠤ ᠪᠣᠯᠤᠨ᠎ᠠ᠃ᠬᠤᠶᠠᠷ᠂ ᠴᠠᠭ ᠠᠭᠤᠷ ᠤᠨ ᠪᠣᠳᠠᠲᠠᠶ ᠤᠷᠢᠳᠴᠢᠯᠠᠭᠰᠠᠨ ᠮᠡᠳᠡᠭᠡ      ᠶᠡᠭᠡ ᠰᠠᠯᠬᠢ ᠡᠯᠡᠰᠦᠨ ᠰᠢᠭᠤᠷᠭ᠎ᠠ᠄10 ᠤ ᠡᠳᠦᠷ ᠤᠨ ᠰᠦᠨᠢ ᠠᠴᠠ ᠰᠠᠯᠬᠢᠨ ᠤ ᠬᠦᠴᠦ ᠡᠬᠢᠯᠡᠨ ᠨᠡᠮᠡᠭᠳᠡᠵᠦ ᠂ ᠪᠦᠬᠦ ᠬᠤᠰᠢᠭᠤᠨ ᠤ ᠳᠡᠭᠰᠢᠳᠭᠡᠭᠰᠡᠨ ᠰᠠᠯᠬᠢᠨ ᠤ ᠬᠦᠴᠦ 3 ~ 4 ᠳᠡᠰ ᠲᠤ ᠬᠦᠷᠴᠦ᠂ ᠲᠤᠭᠤᠰᠤ ᠳᠡᠭᠳᠡᠨ᠎ᠡ︔ 11 ᠤ ᠡᠳᠦᠷ ᠡᠯᠡᠰᠦᠨ ᠰᠢᠭᠤᠷᠭ᠎ᠠ ᠲᠠᠢ᠂ ᠪᠠᠷᠠᠭᠤᠨ ᠬᠤᠶᠢᠨ᠎ᠡ ᠠᠴᠠ 5 - 6 ᠳᠡᠰ ᠤᠨ ᠰᠠᠯᠬᠢᠨ ᠲᠠᠢ᠂ ᠵᠠᠷᠢᠮ ᠳᠤ ᠪᠠᠨ 7 ᠳᠡᠰ ᠬᠥᠷᠴᠥ ︔ 12 ᠤᠨ ᠡᠳᠦᠷ ᠤᠨ ᠥᠷᠯᠥᠭᠡ ᠶᠢᠨ ᠰᠠᠯᠬᠢᠨ ᠬᠦᠴᠦ ᠪᠠᠭᠤᠷᠠᠵᠤ᠂ ᠲᠤᠭᠤᠰᠤ ᠳᠡᠭᠳᠡᠨ᠎ᠡ᠃      ᠬᠤᠷ᠎ᠠ ᠳᠣᠨᠳᠠᠰᠣ᠄ 11 ᠤ ᠡᠳᠦᠷ ᠤᠨ ᠥᠷᠯᠥᠭᠡ᠂ ᠮᠠᠨ ᠤ ᠬᠤᠰᠢᠭᠤᠨ ᠳᠤ ᠲᠠᠷᠬᠠᠢ ᠪᠤᠲᠠᠷᠠᠬᠠᠢ ᠪᠣᠷᠣᠭᠠᠨ ᠣᠷᠣᠨ᠎ᠠ᠃      ᠳᠤᠯᠠᠭᠠᠨ ᠤ ᠬᠡᠮᠵᠢᠶ᠎ᠡ᠄ 11 ᠤ ᠡᠳᠦᠷ ᠠᠴᠠ 12 ᠤ ᠡᠳᠦᠷ ᠪᠣᠯᠲᠠᠯ᠎ᠠ᠂ ᠪᠦᠬᠦ ᠬᠤᠰᠢᠭᠤᠨ ᠤ ᠠᠭᠠᠷ ᠤᠨ ᠳᠤᠯᠠᠭᠠᠨ 4 ~ 6 ᠭᠷᠠᠳᠦ᠋ᠰ ᠪᠠᠭᠤᠷᠠᠨ᠎ᠠ᠃ᠭᠤᠷᠪᠠ᠂ ᠨᠥᠯᠥᠭᠡ ᠵᠢᠴᠢ ᠰᠠᠨᠠᠭᠤᠯᠭ᠎ᠠ      1. ᠶᠡᠭᠡ ᠰᠠᠯᠬᠢ ᠡᠯᠡᠰᠦᠨ ᠰᠢᠭᠤᠷᠭ᠎ᠠ ᠲᠠᠢ ᠴᠠᠭ ᠠᠭᠤᠷ ᠨᠢ ᠵᠠᠮ ᠬᠠᠷᠢᠯᠴᠠᠭ᠎ᠠ ᠲᠡᠭᠡᠭᠡᠪᠦᠷᠢ ᠳᠤ ᠦᠵᠡᠭᠦᠯᠬᠦ ᠠᠰᠢᠭ ᠦᠭᠡᠢ ᠨᠥᠯᠥᠭᠡ ᠶᠢ ᠠᠩᠬᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠭᠠᠴᠠᠭᠠᠬᠤ ᠠᠷᠭ᠎ᠠ ᠬᠡᠮᠵᠢᠶ᠎ᠡ ᠪᠠᠨ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃       2. ᠶᠡᠭᠡ ᠰᠠᠯᠬᠢᠨ ᠤ ᠴᠠᠭ ᠠᠭᠤᠷ ᠠᠴᠠ ᠪᠣᠯᠵᠣ ᠮᠡᠳᠡᠬᠦ ᠬᠤᠤᠷ ᠬᠥᠨᠥᠭᠡᠯ ᠢ ᠰᠡᠷᠭᠡᠶᠢᠯᠡᠵᠦ᠂ ᠲᠦᠷ ᠴᠠᠭ ᠤᠨ ᠪᠠᠷᠢᠯᠭ᠎ᠠ ᠶᠢᠨ ᠭᠠᠵᠠᠷ᠂ ᠪᠠᠷᠢᠯᠭ᠎ᠠ ᠶᠢᠨ ᠭᠠᠵᠠᠷ ᠤᠨ ᠡᠳ᠋ ᠬᠡᠷᠡᠭᠰᠡᠯ᠂ ᠮᠠᠯ ᠤᠨ ᠬᠠᠰᠢᠶ᠎ᠠ ᠰᠠᠷᠠᠪᠴᠢ ᠵᠡᠷᠭᠡ ᠶᠢᠨ ᠰᠠᠯᠬᠢ ᠶᠢ ᠰᠡᠷᠭᠡᠶᠢᠯᠡᠨ ᠪᠠᠬᠢᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃      3᠂ ᠡᠯᠡᠰᠦᠨ ᠰᠢᠭᠤᠷᠭ᠎ᠠ ᠡᠳᠥᠷ ᠤᠨ ᠦᠵᠡᠭᠳᠡᠭᠴᠡ ᠶᠢᠨ ᠬᠡᠮᠵᠢᠶ᠎ᠡ ᠳᠣᠤᠷ᠎ᠠ᠂ ᠠᠮᠢᠰᠬᠤᠯ ᠤᠨ ᠰᠢᠰᠲ᠋ᠧᠮ ᠤᠨ ᠡᠪᠡᠳᠴᠢᠨ ᠠᠮᠠᠷᠬᠠᠨ ᠡᠭᠦᠰᠳᠡᠭ᠂ ᠬᠡᠷ ᠤᠨ ᠭᠠᠳᠠᠨᠠᠬᠢ ᠪᠠᠷᠢᠯᠭ᠎ᠠ ᠶᠢᠨ ᠠᠵᠢᠯᠳᠠᠳ ᠰᠡᠷᠭᠡᠶᠢᠯᠡᠯᠳᠡ ᠶᠢᠨ ᠠᠵᠢᠯ ᠢᠶᠠᠨ ᠰᠠᠶᠢᠳᠤᠷ ᠬᠢᠵᠥ᠂ ᠬᠦᠮᠦᠰ ᠠᠯᠢ ᠴᠢᠳᠠᠬᠤ ᠪᠠᠷ ᠭᠠᠳᠠᠭᠰᠢ ᠭᠠᠷᠬᠤ ᠶᠢ ᠪᠠᠭᠠᠰᠬᠠᠨ᠂ ᠭᠠᠳᠠᠭᠰᠢ ᠭᠠᠷᠬᠤ ᠳᠤ ᠡᠯᠡᠰᠦᠨ ᠰᠢᠭᠤᠷᠭ᠎ᠠ ᠶᠢᠨ ᠰᠡᠷᠭᠡᠶᠢᠯᠡᠨ ᠬᠠᠮᠠᠭᠠᠯᠠᠯᠳᠡ ᠶᠢᠨ ᠠᠵᠢᠯ ᠢᠶᠠᠨ ᠰᠠᠶᠢᠳᠤᠷ ᠬᠢᠵᠥ᠂ ᠵᠠᠮ ᠬᠠᠷᠢᠯᠴᠠᠭᠠᠨ ᠤ ᠠᠮᠤᠷ ᠲᠦᠪᠰᠢᠨ ᠢᠶᠠᠨ ᠠᠩᠬᠠᠷᠬᠤ ᠬᠡᠷᠡᠭᠲᠡᠶ᠃     4. ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠶᠡᠭᠡ ᠰᠠᠯᠬᠢ ᠡᠯᠡᠰᠦᠨ ᠰᠢᠭᠤᠷᠭ᠎ᠠ ᠤᠨ ᠴᠠᠭ ᠠᠭᠤᠷ ᠠᠴᠠ ᠪᠣᠯᠤᠭᠰᠠᠨ ᠠᠰᠢᠭ ᠦᠭᠡᠶ ᠨᠥᠯᠥᠭᠡ ᠶᠢ ᠠᠩᠬᠠᠷᠤᠨ ᠰᠡᠷᠭᠡᠶᠢᠯᠡᠵᠦ᠂ ᠠᠶᠤᠯ ᠦᠭᠡᠶ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃     5. ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠥᠨᠳᠥᠷ᠂ ᠰᠠᠯᠬᠢᠨ ᠤ ᠬᠦᠴᠦ ᠨᠡᠯᠢᠶᠡᠳ ᠶᠡᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠨᠡᠯᠢᠶᠡᠳ ᠥᠨᠳᠥᠷ ᠪᠠᠶᠢᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠶ᠃ ᠬᠠᠮᠤᠭ ᠰᠢᠨ᠎ᠡ ᠴᠠᠭ ᠠᠭᠤᠷ ᠢ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠤᠭᠠᠷᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号