ᠮᠠᠰᠢᠨ ᠲᠡᠷᠭᠡᠨ ᠤ ᠬᠡᠭᠡᠷᠡᠯᠡᠨ ᠠᠶᠠᠯᠠᠬᠤ ᠤᠷᠤᠯᠳᠤᠭᠠᠨ ᠪᠣᠯ ᠨᠢᠭᠡ ᠵᠦᠢᠯ ᠤᠨ ᠦᠪᠡᠷᠮᠢᠴᠡ ᠣᠨᠴᠠᠯᠢᠭ ᠲᠠᠢ | ᠲᠠᠮᠢᠷ ᠤᠨ ᠤᠷᠤᠯᠳᠤᠭᠠᠨ ᠪᠣᠯᠤᠨ᠎ᠠ᠂ ᠲᠡᠷᠡ ᠨᠢ ᠥᠷᠢᠰᠦᠯᠳᠦᠬᠦ ᠴᠢᠨᠠᠷ᠂ ᠰᠣᠨᠢᠷᠬᠠᠬᠤ ᠴᠢᠨᠠᠷ ᠵᠢᠴᠢ ᠵᠤᠭ᠎ᠠ | ᠴᠡᠩᠭᠡᠯ ᠤᠨ ᠴᠢᠨᠠᠷ ᠢ ᠲᠡᠭᠦᠰ ᠰᠠᠶᠢᠬᠠᠨ ᠠᠭᠤᠰᠬᠠᠭᠰᠠᠨ ᠪᠠᠶᠢᠨ᠎ᠠ᠃ ᠡᠨᠡ ᠬᠦ ᠤᠷᠤᠯᠳᠤᠭᠠᠨ ᠳᠤ᠂ ᠲᠡᠷᠭᠡᠴᠢᠨ ᠤ | ᠵᠢᠯᠣᠭᠤᠳᠬᠤ ᠤᠷ᠎ᠠ ᠮᠡᠷᠭᠡᠵᠢᠯ ᠨᠢ ᠲᠦᠢᠯ ᠤᠨ ᠶᠡᠭᠡ ᠰᠢᠯᠭᠠᠯᠲᠠ ᠳᠤ ᠤᠴᠠᠷᠠᠳᠠᠭ᠂ ᠲᠡᠳᠡ ᠭᠡᠳᠦᠶᠢᠭᠰᠡᠨ ᠡᠵᠡᠮᠳᠡᠬᠦ | ᠴᠢᠳᠠᠪᠤᠷᠢ ᠪᠠᠷ ᠢᠶᠠᠨ ᠨᠠᠷᠢᠨ ᠪᠤᠳᠤᠯᠢᠶᠠᠨᠳᠠᠢ ᠬᠤᠪᠢᠷᠠᠯᠲᠠ ᠶᠡᠬᠡᠲᠡᠶ ᠤᠷᠤᠯᠳᠤᠭᠠᠨ ᠤ ᠵᠠᠮ ᠢᠶᠠᠷ ᠲᠠᠪᠬᠢᠭᠤᠯᠬᠤ | ᠴᠢᠬᠤᠯᠠᠳᠠᠢ ᠪᠠᠶᠢᠳᠠᠭ᠃ ᠡᠭᠦᠨ ᠤ ᠬᠠᠮᠲᠤ᠂ ᠮᠠᠰᠢᠨ ᠲᠡᠷᠭᠡᠨ ᠤ ᠴᠢᠳᠠᠮᠵᠢ ᠪᠠᠰᠠ ᠬᠠᠲᠠᠭᠤ ᠴᠢᠩᠭ᠎ᠠ ᠰᠢᠯᠭᠠᠯᠲᠠ ᠳᠤ | ᠤᠴᠠᠷᠠᠬᠤ ᠪᠣᠯᠤᠨ᠎ᠠ᠂ ᠬᠥᠳᠡᠯᠭᠡᠬᠦ ᠬᠦᠴᠦᠨ ᠤ ᠭᠠᠳᠠᠭᠰᠢ ᠭᠠᠷᠭᠠᠬᠤ᠂ ᠡᠯᠬᠦᠬᠦ ᠰᠢᠰᠲ᠋ᠧᠮ ᠤᠨ ᠲᠣᠭᠲᠠᠪᠤᠷᠢᠲᠤ | ᠴᠢᠨᠠᠷ ᠂ ᠳᠤᠭᠤᠶᠢᠯᠠᠪᠤᠷᠢ ᠶᠢᠨ ᠭᠠᠵᠠᠷ ᠲᠤᠰᠬᠤ ᠬᠦᠴᠦ ᠵᠡᠷᠭᠡ ᠲᠠᠯ᠎ᠠ ᠪᠠᠷ ᠴᠥᠮ ᠡᠷᠬᠡᠪᠰᠢ ᠲᠦᠢᠯ ᠤᠨ ᠶᠡᠭᠡ | ᠤᠷᠤᠯᠳᠤᠭᠠᠨ ᠤ ᠣᠷᠴᠢᠨ ᠲᠣᠭᠤᠷᠢᠨ ᠳᠤ ᠭᠠᠷᠮᠠᠭᠠᠶ ᠢᠯᠡᠷᠡᠯ ᠲᠠᠢ ᠪᠠᠶᠢᠬᠤ ᠬᠡᠷᠡᠭᠲᠡᠶ᠃ | ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠲᠥᠪ | ᠥᠪᠥᠷ ᠮᠤᠩᠭᠤᠯ ᠤᠨ ᠲᠦᠩ ᠳ᠋ᠠ ᠬᠦᠩ ᠮᠤᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠰᠢᠨ ᠲᠡᠷᠭᠡᠨ ᠤ ᠺᠯᠦ᠋ᠪ | ᠶᠠᠩ ᠲᠠᠢ ᠭᠡᠷ ᠤᠨ ᠭᠠᠳᠠᠨᠠᠬᠢ ᠵᠢᠭᠤᠯᠴᠢᠯᠠᠯ ᠤᠨ ᠺᠯᠦ᠋ᠪ | ᠤᠷᠤᠯᠳᠤᠭᠠᠨ ᠤ ᠠᠵᠢᠯᠯᠠᠭ᠎ᠠ ᠶᠢᠨ ᠲᠤᠬᠢᠷᠠᠭᠤᠯᠤᠯᠲᠠ | ᠨᠢᠭᠡ᠂ ᠨᠡᠷ᠎ᠡ ᠮᠡᠳᠡᠭᠦᠯᠬᠦ ᠪᠠ ᠲᠡᠷᠭᠡᠨ ᠤ ᠪᠠᠶᠢᠴᠠᠭᠠᠯᠲᠠ | 1. ᠴᠠᠭ᠄ 2025 ᠣᠨ ᠤ 3 ᠳ᠋ᠤᠭᠠᠷ ᠰᠠᠷ᠎ᠠ ᠶᠢᠨ 15 ᠤ ᠡᠳᠦᠷ | 9:30---10:00 | 2.ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠨᠠᠭᠠᠳᠤᠮ ᠰᠣᠶᠣᠯ ᠤᠨ | ᠠᠵᠤ ᠦᠢᠯᠡᠰ ᠤᠨ ᠬᠦᠷᠢᠶᠡᠯᠡᠩ ᠤᠨ ᠭᠤᠤᠯ ᠬᠤᠷᠠᠯ ᠤᠨ ᠲᠠᠯᠠᠪᠠᠶ | 3. ᠶᠠᠪᠤᠴᠠ᠄ ᠤᠷᠤᠯᠳᠤᠭᠴᠢ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠮᠠᠰᠢᠨ ᠲᠡᠷᠭᠡᠨ ᠤ | ᠲᠤᠰᠬᠠᠶᠢᠵᠢᠭᠰᠠᠨ ᠪᠠᠶᠢᠴᠠᠭᠠᠯᠲᠠ᠂ ᠡᠳ᠋ ᠪᠣᠳᠠᠰ ᠢ ᠭᠠᠷᠭᠠᠨ ᠠᠪᠬᠤ | ᠬᠤᠶᠠᠷ᠂ ᠤᠷᠤᠯᠳᠤᠭᠠᠨ ᠡᠬᠢᠯᠡᠬᠦ ᠶᠣᠰᠣᠯᠠᠯ᠄ | 1. ᠴᠠᠭ᠄ 2025 ᠣᠨ ᠤ 3 ᠳ᠋ᠤᠭᠠᠷ ᠰᠠᠷ᠎ᠠ ᠶᠢᠨ 15 ᠤ ᠡᠳᠦᠷ | 10:00---10:20 | 2 ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠨᠠᠭᠠᠳᠤᠮ ᠰᠣᠶᠣᠯ ᠤᠨ | ᠠᠵᠤ ᠦᠢᠯᠡᠰ ᠤᠨ ᠲᠤᠭᠤᠷᠢᠭ ᠤᠨ ᠭᠤᠤᠯ ᠬᠤᠷᠠᠯ ᠤᠨ ᠲᠠᠯᠠᠪᠠᠶ | 3. ᠶᠠᠪᠤᠴᠠ᠄ ᠤᠷᠤᠯᠳᠤᠭᠠᠨ ᠤ ᠲᠡᠷᠭᠡ ᠴᠤᠭᠯᠠᠷᠠᠵᠤ ᠪᠡᠯᠡᠳᠭᠡᠬᠦ᠂ ᠤᠳᠤᠷᠢᠳᠤᠯᠭ᠎ᠠ ᠵᠢᠴᠢ ᠬᠦᠨᠳᠦᠲᠦ | ᠵᠣᠴᠢᠨ ᠤᠷᠤᠯᠳᠤᠭᠠᠨ ᠡᠬᠢᠯᠡᠬᠦ ᠶᠢ ᠵᠠᠷᠯᠠᠬᠤ᠂ ᠤᠷᠤᠯᠳᠤᠭᠠᠨ ᠤ ᠲᠡᠷᠭᠡ ᠪᠠᠷ ᠲᠣᠭᠤᠷᠢᠨ ᠵᠤᠭᠠᠴᠠᠬᠤ | ᠭᠤᠷᠪᠠ᠂ ᠬᠡᠭᠡᠷᠡᠯᠡᠨ ᠠᠶᠠᠯᠠᠬᠤ ᠮᠠᠰᠢᠨ ᠲᠡᠷᠭᠡᠨ ᠤ ᠤᠷᠤᠯᠳᠤᠭᠠᠨ ᠡᠬᠢᠯᠡᠬᠦ | 1. ᠴᠠᠭ᠄ 2025 ᠣᠨ ᠤ 3 ᠳ᠋ᠤᠭᠠᠷ ᠰᠠᠷ᠎ᠠ ᠶᠢᠨ 15 ᠤ ᠡᠳᠦᠷ | 10: 20---11: 40 | 2. ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠶᠢᠨ ᠨᠠᠭᠠᠳᠤᠮ | ᠰᠣᠶᠣᠯ ᠤᠨ ᠠᠵᠤ ᠦᠢᠯᠡᠰ ᠤᠨ ᠲᠤᠭᠤᠷᠢᠭ ᠤᠨ ᠮᠠᠰᠢᠨ ᠲᠡᠷᠭᠡᠨ ᠤ ᠤᠷᠤᠯᠳᠤᠭᠠᠨ ᠤ ᠵᠠᠮ ︵ᠬᠦᠷᠢᠶᠡᠯᠡᠩ | ᠲᠣᠭᠤᠷᠢᠭ ᠤᠨ ᠣᠷᠣᠬᠤ ᠡᠭᠦᠳᠡ ᠠᠴᠠ ᠵᠡᠭᠦᠨᠰᠢ 1 ᠺᠢᠯᠤᠮᠧᠲᠷ ᠵᠠᠶᠢᠲᠠᠶ︶ | ᠳᠥᠷᠪᠡ᠂ ᠱᠠᠩᠨᠠᠯ ᠣᠯᠭᠤᠬᠤ ᠶᠣᠰᠣᠯᠠᠯ᠄ | 1. ᠴᠠᠭ᠄ 2025 ᠣᠨ ᠤ 3 ᠳ᠋ᠤᠭᠠᠷ ᠰᠠᠷ᠎ᠠ ᠶᠢᠨ 15 ᠤ ᠡᠳᠦᠷ | 11:50---12:00 | 2 ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠨᠠᠭᠠᠳᠤᠮ ᠰᠣᠶᠣᠯ ᠤᠨ | ᠠᠵᠤ ᠦᠢᠯᠡᠰ ᠤᠨ ᠲᠤᠭᠤᠷᠢᠭ ᠤᠨ ᠭᠤᠤᠯ ᠬᠤᠷᠠᠯ ᠤᠨ ᠲᠠᠯᠠᠪᠠᠶ | ᠤᠷᠤᠯᠳᠤᠭᠠᠨ ᠤ ᠱᠠᠩᠨᠠᠯ ᠤᠨ ᠮᠦᠩᠭᠦ | ᠨᠢᠭᠡᠳᠦᠭᠡᠷ ᠲᠡᠰ ᠤᠨ ᠱᠠᠩᠨᠠᠯ ᠤᠨ ᠮᠥᠩᠭᠦ᠄ 3000 ᠲᠥᠭᠦᠷᠢᠭ | ᠬᠤᠶᠠᠳᠤᠭᠠᠷ ᠲᠡᠰ ᠤᠨ ᠱᠠᠩᠨᠠᠯ ᠤᠨ ᠮᠥᠩᠭᠦ᠄ 2000 ᠲᠥᠭᠦᠷᠢᠭ | ᠭᠤᠷᠪᠠᠳᠤᠭᠠᠷ ᠲᠡᠰ ᠦᠨᠱᠠᠩᠨᠠᠯ ᠤᠨ ᠮᠥᠩᠭᠦ᠄ 1000 ᠲᠥᠭᠦᠷᠢᠭ᠃ | ᠨᠡᠷ᠎ᠡ ᠮᠡᠳᠡᠭᠦᠯᠬᠦ ᠠᠷᠭ᠎ᠠ ᠵᠠᠮ | ᠪᠠᠢ ᠱᠠᠨ 15848626617︵ᠸᠢᠴᠠᠲ ᠤᠨ ᠨᠣᠮᠧᠷ ᠨᠢ ᠲᠡᠭᠡᠷᠡᠬᠢ ᠮᠡᠳᠦ︶ | ᠠ ᠲᠠᠢ 18998762345︵ᠸᠢᠴᠠᠲ ᠤᠨ ᠨᠣᠮᠧᠷ ᠨᠢ ᠲᠡᠭᠡᠷᠡᠬᠢ ᠮᠡᠳᠦ︶ | ᠵᠠᠩ ᠶᠢᠩ ᠵᠢᠶᠧ 15849250009 ︵ᠸᠢᠴᠠᠲ ᠤᠨ ᠨᠣᠮᠧᠷ ᠨᠢ ᠲᠡᠭᠡᠷᠡᠬᠢ ᠮᠡᠳᠦ︶ | ᠨᠡᠷ᠎ᠡ ᠮᠡᠳᠡᠭᠦᠯᠬᠦ ᠰᠦᠢᠳᠬᠡᠯ᠄ 500 ᠲᠥᠭᠦᠷᠢᠭ / ᠬᠥᠮᠥᠨ ︵ᠡᠭᠦᠨ ᠳᠤ ᠣᠷᠣᠢ ᠶᠢᠨ ᠬᠤᠭᠤᠯᠠ ᠶᠢᠨ | ᠵᠤᠭᠤᠰ᠂ ᠬᠤᠨᠤᠭ ᠤᠨ ᠰᠦᠢᠳᠭᠡᠯ᠂ ᠳᠠᠭᠠᠳᠬᠠᠯ ᠤᠨ ᠮᠦᠩᠬᠦ ᠪᠠᠭᠲᠠᠨ᠎ᠠ︶ |