ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠᠤᠷᠬᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ | ᠬᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠰᠦᠯ︾ ︵ᠥᠪᠥᠷ | ᠬᠥᠭᠵᠢᠭᠦᠯᠦᠯᠲᠡ ᠪᠠ ᠥᠭᠡᠷᠡᠴᠢᠯᠡᠯᠲᠡ ᠣᠷᠴᠢᠨ ᠲᠣᠭᠤᠷᠢᠨ ᠤ ᠡᠬᠢ ᠪᠠᠶᠠᠯᠢᠭ ︹2020︺ 19 ᠳ᠋ᠤᠭᠡᠷ | ᠲᠣᠭᠠᠲᠤ︶ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠪᠣᠳᠠᠲᠠᠶ ᠪᠠᠶᠢᠳᠠᠯ ᠢ | ᠦᠨᠳᠦᠰᠦᠯᠡᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠡᠯ᠎ᠡ ᠬᠤᠰᠢᠭᠤ ᠰᠢᠶᠠᠨ ︵ᠲᠣᠭᠤᠷᠢᠭ︶ ᠪᠠ | ᠬᠦᠷᠢᠶᠡᠯᠡᠩ ᠲᠣᠭᠤᠷᠢᠭ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠲᠤᠰᠬᠠᠶ | ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠭᠰᠠᠨ ᠰᠠᠭᠤᠷᠢᠨ ᠳᠡᠭᠡᠷ᠎ᠡ᠂ ᠰᠤᠳᠤᠯᠬᠤ ᠪᠠᠷ ᠳᠡᠮᠵᠢᠨ᠂ ᠬᠥᠬᠡᠬᠤᠲᠠ ᠶᠢᠨ | ᠰᠢᠨ᠎ᠡ ᠬᠤᠲᠠ ᠲᠣᠭᠤᠷᠢᠭ ᠵᠡᠷᠭᠡ 10 ᠬᠤᠰᠢᠭᠤ ᠰᠢᠶᠠᠨ ︵ᠲᠣᠭᠤᠷᠢᠭ︶ ᠪᠠ ᠬᠥᠬᠡᠬᠤᠲᠠ ᠶᠢᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ 20 ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ | ᠪᠣᠯᠭᠠᠬᠤ ᠪᠠᠷ ᠲᠣᠭᠲᠠᠪᠠ᠃ | ᠡᠳᠦᠭᠡ ᠲᠤᠷᠰᠢᠯᠲᠠ ᠶᠢᠨ ᠴᠡᠭ ᠤᠨ ᠨᠡᠷᠡᠰ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ | 2025 ᠣᠨ ᠤ 3 ᠰᠠᠷ᠎ᠠ ᠶᠢᠨ 8 ᠤ ᠡᠳᠦᠷ ᠠᠴᠠ 2025 ᠣᠨ ᠤ 3 ᠰᠠᠷ᠎ᠠ ᠶᠢᠨ 14 ᠤ ᠡᠳᠦᠷ ᠪᠣᠯᠲᠠᠯ᠎ᠠ | ᠶᠠᠪᠤᠭᠳᠠᠨ᠎ᠠ᠃ ᠣᠨᠳᠣᠣ ᠰᠠᠨᠠᠯ ᠲᠠᠢ ᠪᠣᠯ ᠵᠠᠷᠯᠠᠨ ᠨᠡᠢᠲᠡᠯᠡᠬᠦ ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ︵ | ᠪᠠᠶᠢᠭᠤᠯᠭ᠎ᠠ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠬᠤ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠳᠤ ᠲᠤᠰᠬᠠᠵᠤ ᠪᠣᠯᠣᠨ᠎ᠠ᠃ ᠬᠠᠷᠢᠯᠴᠠᠬᠤ ᠬᠥᠮᠥᠨ ᠤ | ᠣᠪᠣᠭ ᠨᠡᠷ᠎ᠡ ᠪᠣᠯᠣᠨ ᠬᠠᠷᠢᠯᠴᠠᠬᠤ ᠬᠡᠯᠪᠡᠷᠢ ᠪᠠᠨ ᠲᠤᠳᠤᠷᠬᠠᠶᠢᠯᠠᠵᠤ᠂ ᠬᠤᠯᠪᠤᠭᠳᠠᠯ ᠪᠦᠬᠦᠢ ᠪᠠᠶᠢᠳᠠᠯ ᠢ ᠤᠶᠢᠯᠠᠭᠠᠵᠤ | ᠬᠢᠨᠠᠨ ᠬᠠᠷᠭᠤᠭᠤᠯᠬᠤ ᠳᠤ ᠲᠦᠬᠦᠮ ᠪᠤᠯᠭᠠᠬᠤ ᠬᠡᠷᠡᠭᠳᠠᠢ᠃ | ᠤᠲᠠᠰᠤ᠄ 0471 - 6659277 | ᠢᠮᠧᠯ᠄ cxljzy56@163.com | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ ᠬᠤᠰᠢᠭᠤ ᠰᠢᠶᠠᠨ ︵ᠲᠣᠭᠤᠷᠢᠭ︶ ᠪᠠ | ᠬᠦᠷᠢᠶᠡᠯᠡᠩ ᠲᠣᠭᠤᠷᠢᠭ ᠤᠨ ᠨᠡᠷᠡᠰ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ | ᠵᠥᠪᠯᠡᠯ | 2025 ᠣᠨ ᠤ 3 ᠰᠠᠷ᠎ᠠ ᠶᠢᠨ 7 ᠤ ᠡᠳᠦᠷ |