ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠤᠭᠤᠭᠠᠷᠠᠬᠤ ᠬᠤᠭᠤᠴᠠᠭᠠᠨ ᠳᠤ  ᠪᠡᠯᠴᠢᠭᠡᠷᠯᠡᠬᠦᠯᠬᠦ ᠶᠢ ᠠᠮᠠᠷᠠᠭᠤᠯᠬᠤ ᠠᠯᠪᠠᠨ ᠵᠠᠷ
ᠨᠡᠶᠢᠲᠡᠯᠡᠭᠰᠡᠨ ᠴᠠᠭ᠄
2025/3/11
      ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠳᠤ᠄      ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠠᠮᠠᠭᠠᠯᠠᠬᠤ ᠪᠠ ᠠᠰᠢᠭᠯᠠᠵᠤ᠂ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠤᠭᠤᠭᠠᠷᠠᠬᠤ ᠬᠤᠭᠤᠴᠠᠭᠠᠨ ᠳᠤ  ᠪᠡᠯᠴᠢᠭᠡᠷᠯᠡᠬᠦᠯᠬᠦ ᠶᠢ ᠠᠮᠠᠷᠠᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ︾ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠠᠮᠠᠷᠠᠭᠤᠯᠬᠤ ᠪᠡᠯᠴᠢᠭᠡᠷ ᠢ ᠰᠡᠷᠭᠦᠭᠡᠬᠦ ᠲᠦᠷᠢᠮ︾ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠬᠦᠯᠬᠦ ᠶᠢ ᠠᠮᠠᠷᠠᠭᠤᠯᠬᠤ ᠠᠵᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠪᠠᠶᠢᠨ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2025 ᠣᠨ ᠤ ᠬᠠᠪᠤᠷ ‍ᠤᠨ‌ᠤᠯᠠᠷᠢᠯ ᠤᠨ ᠪᠡᠯᠴᠢᠭᠡᠷ ᠡᠪᠡᠰᠦ       ᠨᠤᠭᠤᠭᠠᠷᠠᠬᠤ ᠬᠤᠭᠤᠴᠠᠭᠠᠨ ᠳᠤ  ᠪᠡᠯᠴᠢᠭᠡᠷᠯᠡᠬᠦᠯᠬᠦ ᠶᠢ ᠠᠮᠠᠷᠠᠭᠤᠯᠬᠤ ᠠᠯᠪᠠᠨ ᠵᠠᠷᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠳᠤ᠄      ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠠᠮᠠᠭᠠᠯᠠᠬᠤ ᠪᠠ ᠠᠰᠢᠭᠯᠠᠵᠤ᠂ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠬᠦᠯᠬᠦ ᠶᠢ ᠠᠮᠠᠷᠠᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ  ᠲᠦᠷᠢᠮ︾ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ︾ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 - 2025︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠤᠭᠤᠭᠠᠷᠠᠬᠤ ᠬᠤᠭᠤᠴᠠᠭᠠᠨ ᠳᠤ ᠪᠡᠯᠴᠢᠭᠡᠷᠯᠡᠬᠦᠯᠬᠦ ᠶᠢ ᠠᠮᠠᠷᠠᠭᠤᠯᠬᠤ ᠠᠵᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠪᠠᠶᠢᠨ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠡᠯᠴᠢᠭᠡᠷᠯᠡᠬᠦᠯᠬᠦ ᠶᠢ ᠠᠮᠠᠷᠠᠭᠤᠯᠬᠤ ᠴᠠᠭ ᠬᠤᠭᠤᠴᠠᠭ᠎ᠠ    ᠬᠠᠪᠤᠷ ᠤᠨ ᠤᠯᠠᠷᠢᠯ ‍ᠤᠨ‌‍ᠪᠡᠯᠴᠢᠭᠡᠷ ᠡᠪᠡᠰᠦ ᠨᠤᠭᠤᠭᠠᠷᠠᠬᠤ ᠬᠤᠭᠤᠴᠠᠭᠠᠨ ᠳᠤ  ᠪᠡᠯᠴᠢᠭᠡᠷᠯᠡᠬᠦᠯᠬᠦ ᠶᠢ ᠠᠮᠠᠷᠠᠭᠤᠯᠬᠤ ᠬᠤᠭᠤᠴᠠᠭ᠎ᠠ ᠨᠢ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ᠂ ᠨᠡᠶᠢᠲᠡ 45 ᠡᠳᠦᠷ᠃      ᠬᠤᠶᠠᠷ᠂  ᠪᠡᠯᠴᠢᠭᠡᠷᠯᠡᠬᠦᠯᠬᠦ ᠶᠢ ᠠᠮᠠᠷᠠᠭᠤᠯᠬᠤ ᠬᠦᠷᠢᠶ᠎ᠡ ᠬᠡᠪᠴᠢᠶ᠎ᠡ      ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ  ᠲᠤ ᠴᠥᠮ ᠪᠡᠯᠴᠢᠭᠡᠷᠯᠡᠬᠦᠯᠬᠦ ᠶᠢ ᠠᠮᠠᠷᠠᠭᠤᠯᠬᠤ ᠲᠦᠷᠢᠮ ᠢ ᠬᠡᠷᠡᠭᠵᠢᠭᠦᠯᠵᠦ᠂  ᠪᠡᠯᠴᠢᠭᠡᠷᠯᠡᠬᠦᠯᠬᠦ ᠶᠢ ᠠᠮᠠᠷᠠᠭᠤᠯᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃      ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠲᠠᠷᠢᠶᠠᠴᠢᠨ ᠮᠠᠯᠴᠢᠳ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠬᠠᠷᠢᠭᠤᠴᠠᠯᠭ᠎ᠠ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠮᠠᠯ ᠢᠶᠠᠨ ᠤᠰᠤᠯᠠᠬᠤ᠂ ᠲᠡᠵᠢᠭᠡᠯ ᠪᠣᠷᠳᠤᠭ᠎ᠠ ᠲᠡᠵᠢᠬᠡᠬᠦ ᠰᠢᠯᠳᠠᠭᠠᠨ ᠢᠶᠠᠷ ᠪᠡᠯᠴᠢᠭᠡᠷᠯᠡᠭᠦᠯᠦᠨ ᠮᠠᠯᠯᠠᠬᠤ ᠶᠢ ᠴᠢᠩᠭ᠎ᠠ ᠴᠠᠭᠠᠵᠠᠯᠠᠵᠤ᠂ ᠰᠤᠮᠤ ᠰᠢᠶᠠᠩ ᠪᠠᠯᠭᠠᠰᠤ᠂ ᠭᠠᠴᠠᠭ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠲᠠᠭᠠᠬᠤ ᠬᠡᠷᠡᠭᠲᠡᠶ᠃     ︵ᠬᠤᠶᠠᠷ︶ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠭᠠᠴᠠᠭᠠᠨ ᠤ ᠵᠥᠪᠯᠡᠯ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢ ᠱᠠᠭᠠᠷᠳᠠᠨ ᠪᠦᠬᠦᠨ ᠢ ᠬᠠᠰᠢᠶᠠᠯᠠᠨ ᠲᠡᠵᠢᠭᠡᠯᠭᠡᠬᠦ ᠬᠡᠷᠡᠭᠲᠡᠶ︔ ᠬᠤᠰᠢᠭᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠪᠠᠲᠤᠯᠠᠭ᠎ᠠ᠂ ᠵᠢᠯᠣᠭᠤᠳᠬᠤ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠬᠢᠨᠠᠯᠲᠠ ᠲᠠᠯᠪᠢᠬᠤ ᠵᠢᠴᠢ ᠨᠤᠲᠤᠭ ᠪᠡᠯᠴᠢᠭᠡᠷ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠪᠡᠯᠡ ᠮᠥᠩᠭᠦ ᠶᠢ ᠬᠠᠮᠢᠶᠠᠷᠬᠤ ᠪᠠ ᠨᠦᠬᠦᠪᠦᠷᠢ ᠱᠠᠩᠨᠠᠯ ᠤᠨ ᠮᠦᠩᠬᠦ ᠶᠢ ᠲᠠᠷᠬᠠᠭᠠᠬᠤ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠮᠡᠷᠭᠡᠵᠢᠯ ᠤᠨ ᠵᠢᠯᠣᠭᠤᠳᠣᠯᠭ᠎ᠠ ᠵᠢᠴᠢ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠳᠠᠯᠳᠠᠭᠤᠷ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃       ︵ᠭᠤᠷᠪᠠ︶ ᠪᠡᠯᠴᠢᠭᠡᠷᠯᠡᠬᠦᠯᠬᠦ ᠶᠢ ᠠᠮᠠᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠪᠠᠯᠠ ᠮᠥᠩᠭᠦ ᠲᠠᠷᠬᠠᠭᠠᠬᠤ ᠰᠠᠨᠠᠯ ᠭᠠᠷᠭᠠᠬᠤ ᠶᠢᠨ ᠬᠠᠮᠲᠤ ᠭᠠᠴᠠᠭᠠᠨ ᠤ ᠬᠡᠪᠴᠢᠶᠡᠨ ᠳᠣᠲᠣᠷ᠎ᠠ ᠢᠯᠡ ᠨᠡᠶᠢᠲᠡᠯᠡᠨ᠎ᠡ᠃ ᠪᠡᠯᠴᠢᠭᠡᠷᠯᠡᠬᠦᠯᠬᠦ ᠶᠢ ᠠᠮᠠᠷᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠦᠬᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ︽ᠪᠦᠬᠦᠨ ᠳᠤ ᠳᠤᠬᠢᠷᠠᠬᠤ ᠺᠠᠷᠲ︾ ᠢᠶᠠᠷ ᠳᠠᠮᠵᠢᠭᠤᠯᠤᠨ ᠪᠡᠯᠴᠢᠭᠡᠷᠯᠡᠬᠦᠯᠬᠦ ᠶᠢ ᠠᠮᠠᠷᠠᠭᠤᠯᠬᠤ ᠨᠥᠬᠦᠪᠥᠷᠢ ᠣᠯᠭᠤᠬᠤ ᠬᠡᠷᠡᠭᠲᠡᠶ︔ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠶ᠂ ᠳᠠᠯᠳᠠᠭᠤᠷ ᠮᠠᠯᠵᠢᠬᠤ ᠵᠡᠷᠭᠡ ᠦᠢᠯᠡ ᠠᠵᠢᠯᠯᠠᠭ᠎ᠠ ᠲᠠᠢ ᠮᠠᠯᠵᠢᠬᠤ ᠡᠷᠦᠬᠡ ᠳᠤ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠠᠮᠠᠷᠠᠭᠤᠯᠬᠤ ᠲᠦᠷᠢᠮ︾ ᠤᠨ ᠲᠤᠭᠳᠠᠭᠠᠯ ᠶᠣᠰᠣᠭᠠᠷ ᠬᠠᠤᠯᠢ ᠶᠣᠰᠣᠭᠠᠷ ᠰᠢᠳᠬᠡᠨ ᠲᠣᠷᠭᠠᠬᠤ ᠠᠴᠠ ᠭᠠᠳᠠᠨ᠎ᠠ᠂ ᠵᠣᠬᠢᠬᠤ ᠬᠠᠷᠢᠴᠠᠯ ᠢᠶᠠᠷ ᠲᠤᠬᠠᠶ ᠶᠢᠨ ᠵᠢᠯ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ  ᠬᠠᠰᠤᠬᠤ  ᠬᠡᠷᠡᠭᠲᠡᠶ᠃      ︵ᠲᠦᠷᠪᠡ︶ ᠪᠡᠯᠴᠢᠭᠡᠷᠯᠡᠭᠦᠯᠬᠦ ᠶᠢ ᠠᠮᠠᠷᠠᠭᠤᠯᠤᠭᠰᠠᠨ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ  ᠤᠯᠠᠨ ᠲᠦᠮᠡᠨ ᠳᠤ ᠬᠦᠰᠡᠨ ᠨᠠᠶᠢᠳᠠᠵᠤ᠂ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠦᠢᠯᠡ ᠠᠵᠢᠯᠯᠠᠭ᠎ᠠ ᠶᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠤᠷᠢᠶᠠᠯᠠᠨ᠎ᠠ᠃     ᠪᠡᠯᠴᠢᠭᠡᠷᠯᠡᠬᠦᠯᠬᠦ ᠶᠢ ᠠᠮᠠᠷᠠᠭᠤᠯᠬᠤ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤᠨ ᠳᠤ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠪᠠ᠄      ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0472 - 8423850      ᠪᠠᠲᠤᠬᠠᠭᠠᠯᠭ᠎ᠠ ᠪᠠᠯᠭᠠᠰᠤ᠄ 0472 - 8428394      ᠮᠠᠨᠳᠤᠯ ᠪᠠᠯᠭᠠᠰᠤ᠄ 0472 - 8315630      ᠰᠢᠷᠠᠮᠦ᠋ᠷᠡᠨ ᠪᠠᠯᠭᠠᠰᠤ᠄ 0472 - 8313101      ᠪᠠᠶ᠋ᠬᠠᠤᠪᠤᠭ᠎ᠠ ᠰᠤᠮᠤ᠄ 0472 - 8310006      ᠳᠠᠷᠬᠠᠨ ᠰᠤᠮᠤ᠄ 0472 - 8315393      ᠪᠠᠶᠠᠨᠬᠤᠸᠠ ᠪᠠᠯᠭᠠᠰᠤ᠄ 0472 - 8315274      ᠴᠠᠭᠠᠨᠬᠠᠳᠠ ᠰᠤᠮᠤ᠄ 0472 - 8315586      ᠮᠢᠩᠭᠠᠨ ᠪᠠᠯᠭᠠᠰᠤ᠄ 0472 - 8421447      ᠦᠬᠡᠷᠬᠤᠳᠳᠤᠭ ᠪᠠᠯᠭᠠᠰᠤ᠄ 0472 - 8 ᠤ ᠡᠳᠦᠷ      ᠰᠢ ᠾᠧ ᠰᠢᠶᠠᠩ᠄ 0472 - 8315175     ᠰᠢᠪᠠᠷᠬᠦ᠋ᠷᠢᠶ᠎ᠡ ᠪᠠᠯᠭᠠᠰᠤ᠄ 0472 - 8311651     ᠪᠠᠭ᠎ᠠ ᠤᠩᠭᠤᠨ ᠰᠢᠶᠠᠩ᠄ 0472 - 8315850       ᠡᠬᠦᠨ ᠤ ᠲᠤᠯᠠ ᠣᠨᠴᠠᠭᠠᠶᠢᠯᠠᠨ ᠵᠠᠷᠯᠠᠪᠠ                     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                        2025 ᠣᠨ ᠤ 3 ᠰᠠᠷ᠎ᠠ ᠶᠢᠨ 2 ᠤᠨ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号