115 ᠳ᠋ᠤᠭᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠤᠰᠢᠭᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠰᠠᠯᠪᠤᠷᠢ ᠪᠠᠩᠬᠢ ᠲᠠᠢ ᠬᠠᠮᠲᠤᠷᠠᠨ ︽ᠲᠤᠯᠤᠭᠠᠨ ᠶᠡᠭᠡ ᠢᠨᠵᠧᠨᠧᠷᠢᠩ︾ | ᠢᠶᠠᠷ ᠠᠵᠢᠯᠯᠠᠭᠠᠨ ᠤ ᠬᠥᠲᠥᠯᠪᠦᠷᠢ ᠪᠣᠯᠭᠠᠵᠤ᠂ ︽ᠡᠮᠡᠭᠲᠡᠶᠢᠴᠦᠳ ᠲᠤ ᠡᠨᠧᠷᠭᠢ ᠣᠯᠭᠤᠯᠵᠤ᠂ ᠰᠡᠳᠬᠢᠯ ᠢ ᠨᠢ | ᠳᠤᠯᠠᠭᠠᠴᠠᠭᠤᠯᠤᠨ ᠬᠦᠰᠡᠯ ᠵᠡᠭᠦᠳᠦ ᠶᠢ ᠨᠢ ᠲᠡᠷᠭᠡᠯᠰᠢᠭᠦᠯᠬᠦ︾ ᠭᠤᠤᠯ ᠰᠡᠳᠦᠪᠲᠦ ᠰᠢᠷᠢᠰ ᠠᠵᠢᠯᠯᠠᠭ᠎ᠠ ᠶᠢ | ᠬᠠᠮᠲᠤᠷᠠᠨ ᠥᠷᠨᠢᠭᠦᠯᠵᠦ᠂ ︽ᠮᠥᠩᠭᠦᠨ ᠭᠦᠢᠯᠭᠡᠭᠡ ᠪᠠᠷ ᠬᠦᠴᠦᠨ ᠨᠡᠮᠡᠷᠢᠯᠡᠬᠦ᠂ ᠨᠡᠶᠢᠲᠡ ᠶᠢᠨ ᠠᠰᠠᠷᠠᠮᠵᠢ ᠶᠢᠨ | ᠬᠠᠪᠰᠤᠷᠤᠨ ᠲᠡᠳᠬᠦᠬᠦ᠂ ᠠᠵᠤ ᠦᠢᠯᠡᠰ ᠤᠨ ᠴᠢᠳᠠᠪᠤᠷᠢ ᠣᠯᠭᠤᠬᠤ᠂ ᠰᠤᠷᠭᠠᠨ ᠬᠥᠮᠦᠵᠢᠯ ᠢᠶᠠᠷ ᠣᠶᠤᠨ ᠤᠬᠠᠭᠠᠨ | ᠣᠯᠭᠤᠬᠤ︾ ᠳᠥᠷᠪᠡᠨ ᠲᠠᠯ᠎ᠠ ᠠᠴᠠ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠡᠮᠡᠭᠲᠡᠶᠢᠴᠦᠳ ᠤᠨ ᠠᠳᠠᠯ | ᠦᠢᠯᠡᠰ ᠴᠣᠭᠴᠠᠯᠠᠬᠤ ᠳᠤ ᠬᠥᠳᠡᠯᠭᠡᠬᠦ ᠬᠦᠴᠦᠨ ᠨᠡᠮᠡᠷᠢᠯᠡᠵᠦ᠂ ᠬᠦᠴᠢᠷᠳᠡᠯ ᠳᠤ ᠲᠤᠯᠭᠠᠷᠠᠭᠰᠠᠨ ᠬᠥᠮᠦᠰ ᠲᠤ | ᠬᠠᠶᠢᠷ᠎ᠠ ᠬᠠᠯᠠᠮᠵᠢ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ | ᠨᠡᠮᠡᠷᠢᠯᠡᠵᠦ᠂ ᠥᠷᠭᠡᠨ ᠣᠯᠠᠨ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ | ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠠᠬᠢᠭᠤᠯᠵᠤ᠂ ᠡᠮᠡᠭᠲᠡᠶᠢᠴᠦᠳ ᠤᠨ ᠴᠤᠭ ᠵᠢᠪᠬᠤᠭ᠎ᠠ ᠶᠢ | ᠪᠠᠳᠠᠷᠠᠭᠤᠯᠪᠠ᠃ | ︽ᠤᠷᠠᠨ ᠭᠠᠷ ᠢᠶᠠᠷ ᠬᠠᠪᠤᠷ ᠢ ᠵᠢᠷᠤᠭᠯᠠᠵᠤ᠂ ᠴᠡᠴᠡᠭ ᠤᠨ ᠦᠨᠦᠷ ᠢᠶᠠᠷ ᠬᠠᠶᠢᠷ᠎ᠠ ᠳᠠᠮᠵᠢᠭᠤᠯᠬᠤ︾ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠡᠳ᠋ ᠤᠨ ᠵᠠᠰᠠᠭ᠂ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠡᠪᠯᠡᠯ ᠤᠨ ᠬᠤᠷᠢᠶ᠎ᠠ ᠵᠡᠷᠭᠡ ᠠᠴᠠ ᠢᠷᠡᠭᠰᠡᠨ 40 ᠭᠠᠷᠤᠶ ᠡᠮᠡᠭᠲᠡᠶᠢᠴᠦᠳ ᠤᠷᠠᠨ ᠵᠢᠷᠤᠭᠴᠢᠨ ᠤ | ᠵᠢᠯᠣᠭᠤᠳᠣᠯᠭ᠎ᠠ ᠳᠣᠤᠷ᠎ᠠ ᠰᠡᠳᠬᠢᠨ ᠪᠤᠳᠤᠬᠤ ᠴᠢᠳᠠᠪᠤᠷᠢ ᠪᠠ ᠪᠦᠲᠦᠭᠡᠯᠴᠢ ᠴᠢᠳᠠᠪᠤᠷᠢ ᠪᠠᠨ ᠭᠦᠢᠴᠡᠳ | ᠪᠠᠳᠠᠷᠠᠭᠤᠯᠵᠤ᠂ ᠨᠢᠭᠡ ᠬᠥᠢᠰ ᠰᠢᠨ᠎ᠡ ᠰᠣᠷᠭᠤᠭ ᠴᠡᠴᠡᠭ ᠤᠳ ᠢ ᠡᠪᠳᠡᠢ ᠰᠠᠶᠢᠬᠠᠨ ᠲᠠᠭᠠᠷᠠᠭᠤᠯᠵᠤ᠂ ᠨᠢᠭᠡ ᠨᠢᠭᠡ | ᠥᠪᠡᠷᠮᠢᠴᠡ ᠣᠨᠴᠠᠯᠢᠭ ᠲᠠᠢ ᠬᠠᠳᠬᠤᠮᠠᠯ ᠴᠡᠴᠡᠭ ᠤᠨ ᠪᠦᠲᠦᠭᠡᠯ ᠵᠣᠬᠢᠶᠠᠨ ᠪᠦᠲᠦᠭᠡᠪᠡ᠃ ᠠᠵᠢᠯᠯᠠᠭ᠎ᠠ ᠶᠢᠨ | ᠲᠤᠬᠠᠶ ᠶᠢᠨ ᠲᠠᠯᠠᠪᠠᠶ ᠳᠤ᠂ ᠪᠠᠰᠠ ︽ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ | ᠦᠢᠯᠡᠴᠢᠯᠡᠭᠡᠨ ᠤ ᠥᠷᠲᠡᠭᠡ︾ ᠪᠠᠶᠢᠭᠤᠯᠵᠤ᠂ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠰᠠᠯᠪᠤᠷᠢ ᠪᠠᠩᠬᠢ ︽ᠲᠤᠯᠤᠭᠠᠨ ᠶᠡᠭᠡ ᠢᠨᠵᠧᠨᠧᠷᠢᠩ︾ ᠳᠠᠬᠢ ︽ᠠᠵᠤ | ᠦᠢᠯᠡᠰ ᠤᠨ ᠲᠠᠰ ᠳᠡᠪᠰᠢᠬᠦ︾᠂ ︽ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ︾ ᠵᠡᠷᠭᠡ | ᠠᠭᠤᠯᠭ᠎ᠠ ᠶᠢᠨ ᠲᠣᠭᠤᠷᠢᠨ ᠳᠤ᠂ ︽ᠲᠦᠭᠡᠮᠡᠯ ᠬᠠᠷᠠᠭᠠᠯᠵᠠᠯᠲᠤ ᠵᠢᠭᠡᠯᠡᠯᠭᠡ︾᠂ ︽ᠮᠥᠩᠭᠦᠨ ᠭᠦᠢᠯᠭᠡᠭᠡᠨ ᠢ | ᠪᠠᠳᠣᠯᠠᠵᠤ ᠨᠡᠪᠳᠡᠷᠡᠭᠦᠯᠬᠦ︾ ᠵᠡᠷᠭᠡ 6 ᠵᠦᠢᠯ ᠤᠨ ᠮᠥᠩᠭᠦᠨ ᠭᠦᠢᠯᠭᠡᠭᠡᠨ ᠤ ᠦᠢᠯᠡᠳᠭᠦᠨ ᠢ ᠲᠠᠨᠢᠯᠴᠠᠭᠤᠯᠬᠤ ᠶᠢᠨ | ᠬᠠᠮᠲᠤ᠂ 2 ᠡᠮᠡᠭᠲᠡᠢ ᠡᠵᠡᠩᠨᠡᠯᠲᠡ ᠶᠢᠨ ᠭᠤᠤᠯ ᠴᠣᠭᠴᠠ ᠳᠤ ︽ᠨᠢᠭᠡᠳ ᠨᠢᠭᠡ ᠪᠠᠷ︾ ᠪᠠᠯᠠ ᠮᠥᠩᠭᠦ | ᠴᠤᠭᠯᠠᠭᠤᠯᠬᠤ ᠦᠢᠯᠡᠴᠢᠯᠡᠭᠡ ᠬᠠᠩᠭᠠᠭᠰᠠᠨ ᠪᠥᠭᠡᠳ ᠠᠩᠬ᠎ᠠ ᠠᠯᠬᠤᠮ 30 ᠲᠦᠮᠡᠨ ᠲᠥᠭᠦᠷᠢᠭ ᠤᠨ ᠪᠠᠯᠠ ᠮᠥᠩᠭᠦ | ᠣᠷᠣᠭᠤᠯᠬᠤ ᠰᠠᠨᠠᠮᠵᠢ ᠭᠠᠷᠭᠠᠵᠤ᠂ ᠮᠥᠩᠭᠦᠨ ᠭᠦᠢᠯᠭᠡᠭᠡᠨ ᠢᠶᠠᠷ ︽ᠪᠥᠰᠡᠭᠦᠢ ᠬᠥᠮᠥᠨ ᠤ ᠬᠦᠴᠦᠨ︾ ᠢ ᠤᠮᠳᠠᠯᠠᠵᠤ | ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠦᠴᠦᠨ ᠴᠢᠳᠠᠯ ᠢᠶᠠᠨ ᠪᠠᠳᠠᠷᠠᠭᠤᠯᠬᠤ ᠳᠤ ᠬᠦᠴᠦᠨ ᠨᠡᠮᠡᠷᠢᠯᠡᠪᠡ᠃ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠦᠨᠡᠨ ᠬᠦ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠤᠨ | ᠬᠠᠶᠢᠷ᠎ᠠ ᠰᠡᠳᠬᠢᠯᠭᠡ ᠶᠢ ᠨᠠᠩ ᠰᠠᠶᠢᠨ ᠳᠠᠮᠵᠢᠭᠤᠯᠬᠤ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ︽ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠪᠦᠯᠬᠦᠮ︾ ᠢ ᠵᠣᠬᠢᠶᠠᠨ ᠪᠠᠶᠢᠭᠤᠯᠵᠤ᠂ ᠬᠦᠴᠢᠷᠳᠡᠯ ᠳᠤ | ᠲᠤᠯᠭᠠᠷᠠᠭᠰᠠᠨ ᠬᠡᠤᠬᠡᠳ ᠲᠤ ᠪᠢᠴᠢᠭ ᠤᠨ ᠪᠣᠭᠴᠣ᠂ ᠪᠢᠴᠢᠭ ᠤᠨ ᠬᠡᠷᠡᠭᠰᠡᠯ ᠵᠡᠷᠭᠡ ᠵᠢᠭᠠᠨ ᠰᠤᠷᠭᠠᠯᠲᠠ ᠶᠢᠨ | ᠬᠡᠷᠡᠭᠰᠡᠯ ᠵᠢᠴᠢ ᠠᠮᠢᠳᠤᠷᠠᠯ ᠤᠨ ᠡᠳ᠋ ᠪᠣᠳᠠᠰ ᠬᠦᠷᠭᠡᠬᠦ ᠶᠢᠨ ᠬᠠᠮᠲᠤ ᠬᠡᠦᠬᠡᠳ ᠤᠳ ᠲᠠᠢ ᠳᠣᠲᠣᠨᠣ ᠪᠠᠷ ᠶᠠᠷᠢᠯᠴᠠᠵᠤ᠂ | ᠬᠡᠦᠬᠡᠳ ᠤᠳ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠰᠢᠷᠭᠠᠭᠤ ᠰᠤᠷᠤᠯᠴᠠᠬᠤ ᠶᠢ ᠵᠣᠷᠢᠭᠵᠢᠭᠤᠯᠵᠤ᠂ | ᠮᠡᠳᠡᠯᠭᠡ ᠪᠠᠷ ᠠᠮᠢᠳᠤᠷᠠᠯ ᠢᠶᠠᠨ ᠪᠦᠲᠦᠭᠡᠵᠦ᠂ ᠬᠡᠦᠬᠡᠳ ᠤᠳ ᠢ ᠨᠠᠩ ᠰᠠᠶᠢᠨ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ | ᠬᠤᠭᠤᠴᠠᠭ᠎ᠠ ᠪᠠᠨ ᠤᠭᠳᠤᠬᠤ ᠶᠢ ᠵᠣᠷᠢᠭᠵᠢᠭᠤᠯᠪᠠ᠃ ᠠᠵᠢᠯᠯᠠᠭ᠎ᠠ ᠨᠢ ᠪᠠᠰᠠ ︽ᠬᠤᠪᠴᠠᠰᠤ ᠨᠢ ᠬᠠᠭᠤᠴᠢᠨ | ᠪᠣᠯᠪᠠᠴᠤ ᠬᠠᠶᠢᠷ᠎ᠠ ᠬᠠᠯᠠᠮᠵᠢ ᠲᠠᠢ᠂ ᠬᠠᠯᠠᠭᠤᠨ ᠳᠤᠯᠠᠭᠠᠨ ᠬᠠᠮᠲᠤ ᠪᠠᠷ ᠤᠷᠤᠭᠰᠢᠯᠠᠶ᠎ᠠ︾ ᠭᠡᠬᠦ ᠨᠡᠶᠢᠲᠡ ᠶᠢᠨ | ᠠᠰᠠᠷᠠᠮᠵᠢ ᠶᠢᠨ ᠪᠡᠯᠡᠭᠯᠡᠨ ᠬᠦᠷᠭᠡᠬᠦ ᠰᠠᠨᠠᠭᠠᠴᠢᠯᠠᠭ᠎ᠠ ᠶᠢ ᠵᠡᠷᠭᠡᠪᠡᠷ ᠰᠠᠨᠠᠭᠠᠴᠢᠯᠠᠵᠤ᠂ ᠬᠠᠨᠳᠢᠪᠯᠠᠵᠤ ᠴᠤᠭᠯᠠᠭᠤᠯᠤᠭᠰᠠᠨ | ᠬᠤᠪᠴᠠᠰᠤ ᠬᠤᠨᠠᠷ ᠢᠶᠠᠨ ᠲᠥᠷᠥᠯ ᠬᠤᠪᠢᠶᠠᠨ ᠠᠷᠢᠭᠤᠳᠬᠠᠭᠰᠠᠨ ᠤ ᠳᠠᠷᠠᠭ᠎ᠠ᠂ ᠬᠦᠴᠢᠷᠳᠡᠯ ᠳᠤ ᠲᠤᠯᠭᠠᠷᠠᠭᠰᠠᠨ | ᠡᠮᠡᠭᠲᠡᠶᠢᠴᠦᠳ ᠬᠡᠤᠬᠡᠳ ᠤᠨ ᠬᠡᠷ ᠪᠦᠯᠢ ᠳᠤ ᠬᠠᠨᠳᠤᠯᠭ᠎ᠠ ᠲᠠᠢ ᠪᠠᠷ ᠲᠠᠷᠬᠠᠭᠠᠵᠤ᠂ ᠲᠣᠬᠤᠨᠢᠭᠤᠯᠬᠤ ᠪᠣᠳᠠᠰ | ᠣᠯᠤᠭᠰᠠᠨ ᠬᠦᠴᠢᠷᠳᠡᠯᠲᠡᠶ ᠣᠯᠠᠨ ᠲᠦᠮᠡᠨ ᠲᠣᠬᠤᠨᠢᠭᠤᠯᠬᠤ ᠪᠣᠳᠠᠰ ᠮᠠᠰᠢ ᠬᠡᠷᠡᠭᠴᠡᠭᠡᠲᠡᠶ ᠪᠠᠶᠢᠨ᠎ᠠ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶ ᠺᠠᠳ᠋ᠷᠴᠤᠳ ᠤᠨ ᠬᠠᠶᠢᠷ᠎ᠠ ᠬᠠᠯᠠᠮᠵᠢᠯᠠᠯ ᠳᠤ ᠮᠠᠰᠢ ᠲᠠᠯᠠᠷᠬᠠᠵᠤ | ᠪᠠᠶᠢᠨ᠎ᠠ ᠭᠡᠵᠥ ᠢᠯᠡᠷᠭᠡᠶᠢᠯᠡᠵᠡᠭᠡᠵᠡᠢ᠃ ᠲᠣᠰ ᠤᠳᠠᠭᠠᠨ ᠤ ᠠᠵᠢᠯᠯᠠᠭ᠎ᠠ ᠨᠢ ᠮᠠᠰᠢ ᠣᠯᠠᠨ ᠬᠦᠴᠢᠷᠳᠡᠯ ᠳᠤ | ᠲᠤᠯᠭᠠᠷᠠᠭᠰᠠᠨ ᠬᠡᠷ ᠪᠦᠯᠢ ᠶᠢᠨ ᠡᠳ᠋ ᠪᠣᠳᠠᠰ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ | ᠬᠠᠶᠢᠷ᠎ᠠ ᠬᠠᠯᠠᠮᠵᠢ ᠶᠢᠨ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠠᠷᠢᠭᠤᠴᠠᠯᠭ᠎ᠠ | ᠡᠭᠦᠷᠭᠡᠯᠡᠯ ᠢ ᠢᠯᠡᠷᠡᠭᠦᠯᠪᠡ᠃ | ᠲᠣᠰ ᠤᠳᠠᠭᠠᠨ ᠤ ᠰᠢᠷᠢᠰ ᠠᠵᠢᠯᠯᠠᠭ᠎ᠠ ᠨᠢ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠶᠢᠨ ᠦᠢᠯᠡᠳᠥᠯᠭᠡ | ᠪᠣᠯᠬᠤ ᠪᠠᠷ ᠪᠠᠷᠠᠬᠤ ᠥᠬᠡᠶ᠂ ᠨᠠᠩ ᠴᠤ ︽ᠲᠤᠯᠤᠭᠠᠨ ᠶᠡᠭᠡ ᠢᠨᠵᠧᠨᠧᠷᠢᠩ︾ ᠤᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠩᠬᠢ ᠶᠢᠨ ᠪᠠᠶᠢᠭᠤᠯᠤᠮᠵᠢ ᠲᠠᠢ ᠬᠠᠮᠵᠢᠯᠴᠠᠨ᠂ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ︽ᠤᠮᠳᠠᠭᠠᠨ︾ | ᠢᠶᠠᠷ ᠠᠷᠠᠳ ᠤᠨ ᠠᠮᠢᠳᠤᠷᠠᠯ ᠢ ᠤᠮᠳᠠᠯᠠᠵᠤ᠂ ᠡᠮᠡᠭᠲᠡᠶᠢᠴᠦᠳ ᠤᠨ ︽ᠪᠥᠰᠡᠭᠦᠢ ᠬᠥᠮᠥᠨ ᠤ ᠬᠦᠴᠦᠨ︾ ᠢᠶᠠᠷ | ᠡᠨᠧᠷᠭᠢ ᠣᠯᠭᠤᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ |