3 ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ | ᠵᠦᠢᠯ ᠤᠨ ᠲᠠᠴᠢᠷᠳᠠᠭᠰᠠᠨ ᠣᠶ ᠶᠢ ᠵᠠᠰᠠᠨ ᠰᠡᠷᠭᠦᠭᠡᠬᠦ ᠲᠥᠷᠥᠯ ᠵᠦᠢᠯ ᠤᠨ ᠲᠦᠮᠡᠳ ᠤᠨ ᠲᠣᠰᠬᠤᠨ ᠤ | ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠬᠦᠷᠴᠦ᠂ ᠲᠣᠮᠣ ᠬᠡᠯᠪᠡᠷᠢ ᠶᠢᠨ ᠳᠡᠭᠰᠢᠯᠡᠬᠦ ᠮᠠᠰᠢᠨ ᠶᠠᠭ ᠰᠠᠶᠢᠬᠠᠨ | ᠶᠠᠭᠠᠷᠠᠯᠳᠠᠳᠠᠢ ᠠᠵᠢᠯᠯᠠᠵᠤ ᠪᠠᠶᠢᠪᠠ᠂ ᠮᠠᠰᠢᠨ ᠬᠥᠷᠥᠭᠰᠡᠨ ᠭᠠᠵᠠᠷ ᠲᠤ ᠬᠥᠮᠦᠨ ᠤ ᠬᠢᠷᠢ ᠥᠨᠳᠥᠷ | ᠬᠠᠷᠭᠠᠨ᠎ᠠ ᠵᠢᠨᠰᠠᠯᠠᠭ᠎ᠠ ᠨᠠᠮᠠᠭ᠎ᠠ ᠨᠢ ᠣᠭᠳᠣᠯᠣᠭᠳᠤᠨ ᠲᠠᠰᠣᠯᠣᠭᠳᠠᠵᠤ᠂ ᠵᠥᠪᠬᠡᠨ ᠥᠨᠳᠥᠰᠥᠨ ᠤ ᠬᠡᠰᠡᠭ ᠤᠨ | ᠬᠡᠳᠦᠨ ᠰᠡᠨᠲ᠋ᠢᠮᠧᠲᠷ ᠥᠨᠳᠥᠷ ᠰᠠᠯᠠᠭ᠎ᠠ ᠮᠥᠴᠢᠷ ᠤᠳ ᠨᠢ ᠦᠯᠡᠳᠡᠭᠰᠡᠨ ᠪᠠᠶᠢᠨ᠎ᠠ᠃ ᠬᠠᠷᠭᠠᠨ᠎ᠠ ᠶᠢ ᠲᠡᠭᠰᠢᠯᠡᠭᠰᠡᠨ ᠨᠢ | ᠬᠠᠷᠭᠠᠨ᠎ᠠ ᠶᠢᠨ ᠨᠡᠩ ᠢᠭᠴᠤ ᠰᠠᠬᠤᠯᠢᠭ ᠤᠷᠭᠤᠬᠤ ᠳᠤ ᠲᠤᠰᠠ ᠪᠣᠯᠬᠤ ᠪᠠᠷ ᠪᠠᠷᠠᠬᠤ ᠦᠭᠡᠢ᠂ ᠰᠠᠯᠠᠭ᠎ᠠ ᠮᠦᠴᠢᠷ ᠢ | ᠨᠢ ᠲᠡᠭᠰᠢᠯᠡᠭᠰᠡᠨ ᠤ ᠳᠠᠷᠠᠭᠠᠬᠢ ᠬᠠᠷᠭᠠᠨ᠎ᠠ ᠶᠢᠨ ᠰᠠᠯᠠᠭ᠎ᠠ ᠪᠣᠯ ᠪᠠᠰᠠ ᠴᠤ ᠰᠢᠮ᠎ᠡ ᠲᠡᠵᠢᠭᠡᠯ ᠤᠨ ᠦᠨ᠎ᠡ | ᠥᠷᠲᠡᠭ ᠢᠶᠠᠷ ᠲᠦᠢᠯ ᠤᠨ ᠥᠨᠳᠥᠷ ᠤᠭᠤᠷᠠᠭ ᠲᠠᠢ ᠡᠪᠡᠰᠦ ᠪᠣᠷᠳᠤᠭ᠎ᠠ ᠪᠣᠯᠤᠨ᠎ᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠠᠴᠢᠷᠳᠠᠭᠰᠠᠨ ᠣᠶ ᠶᠢ ᠵᠠᠰᠠᠨ ᠰᠡᠷᠭᠦᠭᠡᠬᠦ ᠲᠥᠷᠥᠯ ᠵᠦᠢᠯ | ᠪᠣᠯ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠢ ᠠᠰᠢᠭᠯᠠᠨ ᠥᠪᠡᠷ ᠢ ᠪᠠᠨ ᠰᠡᠷᠭᠦᠭᠡᠬᠦ ᠴᠢᠳᠠᠪᠤᠷᠢ ᠶᠢᠨ ᠰᠠᠭᠤᠷᠢᠨ | ᠳᠡᠭᠡᠷ᠎ᠡ᠂ ᠵᠥᠪ ᠴᠢᠭᠯᠡᠯ ᠢᠶᠠᠷ ᠣᠷᠣᠯᠠᠭᠤᠯᠬᠤ ᠶᠢ ᠠᠬᠢᠭᠤᠯᠵᠤ᠂ ᠲᠠᠴᠢᠷᠳᠠᠭᠰᠠᠨ ᠣᠶ ᠶᠢᠨ ᠬᠤᠪᠢᠶᠠᠷᠢᠯᠠᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ᠂ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠰᠡᠷᠭᠦᠭᠡᠬᠦ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠃ ᠲᠥᠷᠥᠯ ᠵᠦᠢᠯ ᠨᠢ ᠭᠤᠤᠯᠳᠠᠭᠤ ︽ᠬᠦᠷᠢᠶᠡᠯᠡᠭᠦ + | ᠨᠥᠬᠦᠵᠦ ᠳᠠᠷᠢᠬᠤ + ᠳᠡᠭᠰᠢᠯᠡᠭᠦ + ᠬᠠᠮᠢᠶᠠᠷᠴᠤ ᠬᠠᠮᠠᠭᠠᠯᠠᠬᠤ︾ ᠵᠡᠷᠭᠡ ᠠᠷᠭ᠎ᠠ ᠬᠡᠮᠵᠢᠶ᠎ᠡ ᠪᠠᠷ ᠲᠠᠴᠢᠷᠳᠠᠭᠰᠠᠨ | ᠣᠶ ᠶᠢ ᠰᠡᠷᠭᠦᠭᠡᠵᠦ᠂ ᠪᠣᠷᠣᠭᠠᠨ ᠤ ᠤᠯᠠᠷᠢᠯ ᠳᠤ ᠮᠣᠳᠣᠨ ᠤ ᠲᠥᠷᠥᠯ ᠤᠨ ᠨᠠᠷᠢᠨ ᠨᠠᠪᠴᠢᠲᠤ ᠬᠠᠷᠭᠠᠨ᠎ᠠ ᠨᠥᠬᠦᠵᠦ | ᠳᠠᠷᠢᠵᠤ᠂ ᠨᠠᠮᠤᠷ ᠡᠪᠦᠯ ᠤᠨ ᠤᠯᠠᠷᠢᠯ ᠳᠤ ᠢᠴᠡᠭᠡᠯᠡᠬᠦ ᠬᠤᠭᠤᠴᠠᠭᠠᠨ ᠳᠤ ᠣᠷᠣᠬᠤ ᠳᠤ ᠰᠠᠯᠠᠭ᠎ᠠ ᠨᠠᠮᠠᠭ᠎ᠠ ᠶᠢ ᠨᠢ | ᠰᠡᠯᠪᠢᠨ ᠵᠠᠰᠠᠬᠤ ᠶᠢ ᠬᠡᠷᠡᠭᠵᠢᠭᠦᠯᠦᠨ᠎ᠡ᠃ | ᠲᠠᠨᠢᠯᠴᠠᠭᠤᠯᠤᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠵᠦᠢᠯ ᠤᠨ ᠲᠣᠭᠤᠷᠢᠭ᠂ ᠡᠯ᠎ᠡ | ᠪᠠᠷᠢᠮᠵᠢᠶᠠᠲᠤ ᠬᠡᠰᠡᠭ ᠨᠢ ᠠᠵᠢᠯ ᠤᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠲᠠᠴᠢᠷᠳᠠᠭᠰᠠᠨ | ᠣᠶ ᠶᠢ ᠰᠡᠷᠭᠦᠭᠡᠬᠦ ᠡᠭᠦᠷᠭᠡ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠪᠠᠷ ᠲᠠᠴᠢᠷᠳᠠᠭᠰᠠᠨ ᠣᠶ ᠶᠢ ᠰᠡᠷᠭᠦᠭᠡᠬᠦ | ᠢᠨᠵᠧᠨᠧᠷᠢᠩ ᠤᠨ ᠶᠠᠰᠤ ᠴᠢᠨᠠᠷ ᠢ ᠡᠵᠡᠮᠳᠡᠵᠦ᠂ ᠡᠯ᠎ᠡ ᠪᠠᠷᠢᠯᠭ᠎ᠠ ᠶᠢᠨ ᠴᠡᠭ ᠤᠨ ᠠᠮᠤᠷ ᠲᠦᠪᠰᠢᠨ ᠤ ᠬᠡᠮ ᠰᠣᠭᠤᠭ ᠢ | ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠪᠠᠷᠢᠯᠭ᠎ᠠ ᠶᠢᠨ ᠠᠮᠤᠷ ᠲᠦᠪᠰᠢᠨ ᠤ ᠬᠡᠷᠡᠭᠵᠢᠭᠦᠯᠦᠯᠲᠡ ᠶᠢ ᠪᠠᠲᠤᠯᠠᠵᠤ᠂ | ᠪᠠᠷᠢᠯᠭ᠎ᠠ ᠶᠢᠨ ᠠᠵᠢᠯ ᠤᠨ ᠬᠤᠭᠤᠴᠠᠭ᠎ᠠ ᠶᠢ ᠳᠣᠩᠭᠤᠷᠠᠭᠤᠯᠤᠨ ᠵᠢᠭᠰᠠᠭᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ | ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠬᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠣᠯᠠᠨ | ᠲᠠᠯ᠎ᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠲᠥᠷᠥᠯ ᠵᠦᠢᠯ ᠤᠨ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠥᠨᠳᠥᠷ ᠪᠠᠷᠢᠮᠵᠢᠶ᠎ᠠ ᠪᠠᠷ ᠠᠬᠢᠭᠤᠯᠬᠤ ᠶᠢ | ᠪᠠᠲᠤᠯᠠᠬᠤ ᠬᠡᠷᠡᠭᠲᠡᠶ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ | ᠳᠡᠳ᠋ ᠳᠠᠷᠤᠭ᠎ᠠ ᠬᠤᠸᠠᠩ ᠯᠢ ᠮᠢᠨ ᠲᠠᠨᠢᠯᠴᠠᠭᠤᠯᠬᠤ ᠳᠠᠭᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯ ︽ | ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠬᠠᠲᠤᠨ ᠭᠤᠤᠯ ᠤᠨ ︽几 | ᠦᠰᠦᠭᠳᠥ ᠪᠤᠯᠤᠩ︾ ᠤᠨ ᠪᠣᠭᠤᠮᠲᠠ ᠰᠢᠪᠲᠤᠯᠬᠤ ᠣᠷᠣᠨ ᠤ ᠳᠣᠲᠣᠷᠠᠬᠢ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠣᠷᠣᠨ ᠪᠣᠯᠤᠨ᠎ᠠ᠃ ᠭᠤᠣᠯᠳᠠᠭᠤ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ | ᠶᠡᠷᠦᠩᠬᠡᠶᠢᠯᠡᠨ ᠵᠠᠰᠠᠬᠤ ᠲᠥᠷᠥᠯ ᠵᠦᠢᠯ ᠢᠶᠠᠷ ᠭᠤᠤᠯ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ | ᠨᠢ 23.0877 ᠲᠦᠮᠡᠨ ᠮᠥ ᠲᠠᠴᠢᠷᠳᠠᠭᠰᠠᠨ ᠣᠶ ᠶᠢ ᠵᠠᠰᠠᠨ ᠰᠡᠷᠭᠦᠭᠡᠬᠦ ᠪᠠᠷ ᠳᠥᠯᠥᠪᠯᠡᠵᠥ᠂ 161 ᠲᠦᠮᠡᠨ | ᠤᠷᠳᠤᠳᠬᠠᠭᠴᠢ ᠮᠧᠲᠷ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠵᠦ ᠣᠶᠢᠵᠢᠭᠤᠯᠵᠤ᠂ ᠣᠳᠣᠬᠠᠨ ᠳᠤ | ᠨᠢᠭᠡᠨᠲᠡ ᠪᠥᠭᠦᠨ ᠢ ᠨᠢ ᠬᠦᠷᠢᠶᠡᠯᠡᠨ ᠪᠢᠲᠡᠭᠦᠮᠵᠢᠯᠡᠵᠦ ᠪᠠᠷᠠᠪᠠ᠂ ᠲᠠᠴᠢᠷᠳᠠᠭᠰᠠᠨ ᠣᠶ ᠶᠢ 11 ᠲᠦᠮᠡᠨ ᠮᠥ ᠵᠠᠰᠠᠨ | ᠰᠡᠷᠭᠦᠭᠡᠵᠦ᠂ ᠲᠥᠷᠥᠯ ᠵᠦᠢᠯ ᠨᠢ 2 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠪᠠ᠃ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ | ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ᠳᠤ 109.75 ᠲᠦᠮᠡᠨ ᠮᠥ ᠬᠥᠷᠢᠶᠡᠯᠡᠵᠥ | ᠪᠢᠳᠡᠭᠦᠮᠵᠢᠯᠡᠨ ᠪᠤᠶᠢᠵᠢᠭᠤᠯᠬᠤ ᠶᠢ ᠬᠡᠷᠡᠭᠵᠢᠭᠦᠯᠵᠥ᠂ ᠳᠤᠮᠳᠠ ᠨᠢᠯᠬ᠎ᠠ ᠵᠡᠷᠭᠡ ᠶᠢᠨ ᠣᠶ ᠶᠢ 2.29 ᠲᠦᠮᠡᠨ ᠮᠥ | ᠠᠷᠠᠴᠢᠯᠠᠨ ᠪᠤᠶᠢᠵᠢᠭᠤᠯᠵᠤ᠂ ᠣᠳᠣᠬᠠᠨ ᠳᠤ ᠶᠠᠭ ᠪᠣᠳᠠ ᠮᠣᠳᠣ ᠶᠢ ᠲᠡᠭᠰᠢᠯᠡᠬᠦ ᠠᠵᠢᠯ ᠢ ᠥᠷᠨᠢᠭᠦᠯᠵᠦ ᠪᠠᠶᠢᠨ᠎ᠠ᠃ | ᠡᠭᠦᠨ ᠠᠴᠠ ᠭᠠᠳᠠᠨ᠎ᠠ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠪᠠᠰᠠ ᠮᠤᠨᠢ ᠠᠭᠤᠯᠠ ᠶᠢᠨ ᠠᠷᠤ ᠬᠤᠷᠮᠣᠶ | ︵ᠪᠣᠷᠣᠲᠣᠬᠤᠶ ᠶᠢᠨ ᠲᠠᠯ᠎ᠠ ᠭᠠᠵᠠᠷ︶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠡᠭᠦᠷᠭᠡᠯᠡᠵᠦ᠂ | 6 ᠲᠦᠮᠡᠨ ᠮᠥ ᠡᠯᠡᠰᠦᠷᠬᠡᠭᠵᠢᠭᠰᠡᠨ ᠲᠠᠯ᠎ᠠ ᠳᠤ ᠬᠥᠮᠦᠨ ᠤ ᠬᠦᠴᠦ ᠪᠠᠷ ᠡᠪᠡᠰᠦ ᠳᠠᠷᠢᠬᠤ ᠶᠢ ᠬᠡᠷᠡᠭᠵᠢᠭᠦᠯᠵᠦ᠂ | ᠣᠳᠣᠬᠠᠨ ᠳᠤ ᠲᠣᠰ ᠲᠥᠷᠥᠯ ᠵᠦᠢᠯ ᠤᠨ ᠭᠠᠵᠠᠷ ᠰᠣᠩᠭᠤᠬᠤ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ ᠳᠠᠭᠤᠰᠬᠠᠵᠤ᠂ ᠵᠢᠱᠢᠯᠲᠡ ᠪᠠᠷ 2025 ᠣᠨ ᠤ 6 | ᠰᠠᠷ᠎ᠠ ᠶᠢᠨ ᠪᠣᠷᠣᠭᠠᠨ ᠤ ᠤᠯᠠᠷᠢᠯ ᠢᠷᠡᠭᠦ ᠳᠤ ︵ᠡᠪᠡᠰᠦ ᠳᠠᠷᠢᠬᠤ︶ ᠠᠵᠢᠯ ᠡᠬᠢᠯᠡᠨ᠎ᠡ᠃ |