︽ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠳᠤᠳᠤᠭᠠᠳᠤ ᠶᠢᠨ ᠬᠢᠨᠠᠯᠳᠠ ᠲᠠᠯᠪᠢᠬᠤ ᠳᠦᠷᠢᠮ︾ | ︽ᠳᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ | ᠲᠤᠭᠳᠠᠭᠠᠯ ᠢ ᠦᠨᠳᠤᠰᠤᠯᠠᠨ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠳᠤᠯᠳᠠᠢ | ᠪᠠᠶᠢᠷᠢᠯᠠᠭᠤᠯᠤᠯᠳᠠ ᠶᠤᠰᠤᠭᠠᠷ᠂ 2025 ᠤᠨ ᠤ 3 ᠰᠠᠷ᠎ᠠ ᠶᠢᠨ 11 ᠤ ᠡᠳᠦᠷ ᠠᠴᠠ 4 ᠰᠠᠷ᠎ᠠ ᠶᠢᠨ 30 ᠤ | ᠡᠳᠦᠷ ᠪᠤᠯᠳᠠᠯ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠤᠶᠠᠳᠤᠭᠠᠷ ᠲᠤᠭᠤᠷᠢᠨ ᠪᠠᠶᠢᠴᠠᠭᠠᠬᠤ | ᠳᠤᠭᠤᠶᠢᠯᠠᠩ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠳᠤ ᠪᠠᠶᠢᠩᠭᠤ ᠶᠢᠨ ᠲᠤᠭᠤᠷᠢᠨ ᠪᠠᠶᠢᠴᠠᠭᠠᠯᠳᠠ | ᠦᠷᠨᠢᠭᠦᠯᠬᠦ ᠪᠠᠷ ᠪᠤᠢ᠃ | ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠳᠤᠭᠤᠶᠢᠯᠠᠩ ᠠᠴᠠ ᠳᠤᠮᠳᠠᠳᠤ ᠶᠢᠨ | ᠦᠨᠳᠤᠰᠤᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠤᠯ ᠰᠢᠵᠢᠮ ᠢ | ᠲᠤᠤᠱᠯᠠᠭᠤᠯᠤᠭᠰᠠᠨ ᠪᠠᠶᠢᠳᠠᠯ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠰᠠᠶᠢᠳᠤᠷ ᠬᠢᠭᠰᠡᠨ ᠪᠠᠶᠢᠳᠠᠯ᠂ ︽ | ᠵᠢᠷᠭᠤᠭᠠᠨ ᠢᠨᠵᠧᠨᠧᠷᠢᠩ︾ ᠢ ᠳᠦᠯᠬᠢᠨ ᠠᠬᠢᠭᠤᠯᠤᠭᠰᠠᠨ ᠪᠠᠶᠢᠳᠠᠯ᠂ ︽ᠵᠢᠷᠭᠤᠭᠠᠨ ᠠᠵᠢᠯᠯᠠᠭ᠎ᠠ︾ ᠶᠢ | ᠦᠷᠨᠢᠭᠦᠯᠦᠭᠰᠡᠨ ᠪᠠᠶᠢᠳᠠᠯ᠂ ᠨᠠᠮ ᠤᠨ ᠲᠦᠪ ᠬᠤᠷᠢᠶ᠎ᠠ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠭᠰᠠᠨ ᠥᠭᠡᠷᠡᠴᠢᠯᠡᠯᠳᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠠᠮ ᠢ ᠪᠦᠬᠦ ᠲᠠᠯ᠎ᠠ | ᠪᠠᠷ ᠴᠢᠩᠭ᠎ᠠ ᠵᠠᠰᠠᠬᠤ ᠶᠢ ᠳᠦᠯᠬᠢᠨ ᠠᠬᠢᠭᠤᠯᠤᠭᠰᠠᠨ ᠪᠠᠶᠢᠳᠠᠯ᠂ ᠺᠠᠳ᠋ᠷ ᠠᠵᠢᠯᠳᠠᠨ ᠴᠢᠳᠠᠪᠤᠷᠢᠳᠠᠨ ᠤ ᠡᠩᠨᠡᠭᠡ ᠶᠢᠨ | ᠪᠠᠶᠢᠭᠤᠯᠤᠯᠳᠠ ᠶᠢ ᠴᠢᠩᠭᠠᠳᠬᠠᠭᠰᠠᠨ ᠪᠠᠶᠢᠳᠠᠯ ᠵᠡᠷᠭᠡ ᠳᠤ ᠬᠢᠨᠠᠯᠳᠠ ᠬᠢᠵᠤ᠂ ᠭᠤᠤᠯᠳᠠᠭᠤ ᠳᠠᠷᠬᠠᠨ ᠮᠤᠤᠮᠢᠩᠭᠠᠨ | ᠬᠤᠯᠪᠤᠭᠠᠳᠤ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠤᠭᠦᠨ᠂ ᠳᠤᠤᠷᠠᠳᠤ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ ᠤᠷᠤᠨ ᠪᠠᠶᠢᠷᠢ ᠶᠢᠨ | ᠤᠳᠤᠷᠢᠳᠤᠯᠭ᠎ᠠ ᠺᠠᠳ᠋ᠷ ᠠᠵᠢᠯᠳᠠᠨ ᠤ ᠠᠰᠠᠭᠤᠳᠠᠯ ᠢ ᠳᠤᠰᠬᠠᠭᠰᠠᠨ ᠵᠠᠬᠢᠳᠠᠯ ᠰᠤᠷᠪᠤᠯᠵᠢᠯᠠᠭ᠎ᠠ ᠤᠳᠠᠰᠤ ᠶᠢ ᠬᠦᠯᠢᠶᠡᠨ | ᠠᠪᠴᠤ ᠰᠢᠢᠳᠪᠤᠷᠢᠯᠡᠨ᠎ᠡ᠃ ᠤᠨᠴᠠᠭᠠᠶᠢᠯᠠᠨ ᠤᠯᠤᠰ ᠲᠦᠷᠦ ᠶᠢᠨ ᠰᠠᠬᠢᠯᠭ᠎ᠠ ᠪᠠᠳᠤ᠂ ᠵᠤᠬᠢᠶᠠᠨ ᠪᠠᠶᠢᠭᠤᠯᠤᠯᠳᠠ ᠶᠢᠨ | ᠰᠠᠬᠢᠯᠭ᠎ᠠ ᠪᠠᠳᠤ᠂ ᠠᠷᠢᠭᠤᠨ ᠴᠢᠭᠡᠴᠢ ᠶᠢᠨ ᠰᠠᠬᠢᠯᠭ᠎ᠠ ᠪᠠᠳᠤ᠂ ᠤᠯᠠᠨ ᠲᠦᠮᠡᠨ ᠤ ᠰᠠᠬᠢᠯᠭ᠎ᠠ ᠪᠠᠳᠤ᠂ ᠠᠵᠢᠯ ᠤᠨ | ᠰᠠᠬᠢᠯᠭ᠎ᠠ ᠪᠠᠳᠤ ᠪᠠ ᠠᠮᠢᠳᠤᠷᠠᠯ ᠤᠨ ᠰᠠᠬᠢᠯᠭ᠎ᠠ ᠪᠠᠳᠤ ᠵᠡᠷᠭᠡ ᠶᠢ ᠵᠦᠷᠢᠴᠡᠭᠰᠡᠨ ᠠᠰᠠᠭᠤᠳᠠᠯ ᠤᠨ ᠳᠤᠬᠠᠢ ᠢᠯᠡᠴᠢᠯᠡᠨ | ᠮᠡᠳᠡᠭᠦᠯᠦᠯᠳᠡ ᠪᠠ ᠳᠤᠰᠬᠠᠯᠳᠠ ᠶᠢ ᠬᠦᠯᠢᠶᠡᠨ ᠠᠪᠤᠨ᠎ᠡ᠃ ᠲᠤᠭᠤᠷᠢᠨ ᠪᠠᠶᠢᠴᠠᠭᠠᠯᠳᠠ ᠶᠢᠨ ᠬᠦᠯᠢᠶᠠᠨ ᠠᠪᠴᠤ | ᠰᠢᠢᠳᠪᠤᠷᠢᠯᠡᠬᠦ ᠬᠡᠪᠴᠢᠶᠠᠨ ᠳᠤ ᠪᠠᠭᠳᠠᠬᠤ ᠦᠭᠡᠢ ᠵᠠᠬᠢᠳᠠᠯ ᠰᠤᠷᠪᠤᠯᠵᠢᠯᠠᠭ᠎ᠠ ᠶᠢᠨ ᠪᠤᠰᠤᠳ ᠠᠰᠠᠭᠤᠳᠠᠯ ᠢ | ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠲᠠᠯ᠎ᠠ ᠳᠤ ᠳᠤᠰᠢᠶᠠᠵᠤ ᠨᠠᠷᠢᠨ ᠬᠢᠨᠠᠮᠠᠭᠠᠢ ᠰᠢᠢᠳᠪᠤᠷᠢᠯᠡᠭᠦᠯᠦᠨ᠎ᠡ᠃ | ᠲᠤᠭᠤᠷᠢᠨ ᠪᠠᠶᠢᠴᠠᠭᠠᠬᠤ ᠬᠤᠭᠤᠴᠠᠭᠠᠨ ᠳᠠᠬᠢ ᠵᠢᠵᠢᠭᠦᠷᠯᠡᠬᠦ ᠤᠳᠠᠰᠤ᠄ 0472 — 8425299᠂ | ᠬᠦᠯᠢᠶᠠᠨ ᠠᠪᠴᠤ ᠰᠢᠢᠳᠪᠤᠷᠢᠯᠡᠬᠦ ᠴᠠᠭ᠄ ᠡᠳᠦᠷ ᠪᠦᠷᠢ ᠶᠢᠨ 8᠄ 00 — 18᠄ 00᠃ ᠰᠢᠤᠳᠠᠨ | ᠬᠠᠶᠢᠷᠴᠠᠭ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠤᠭᠤᠳᠤ ᠬᠤᠳᠠ ᠶᠢᠨA016 ᠬᠠᠶᠢᠷᠴᠠᠭ᠃ | | ᠢᠮᠧᠯ᠄ xsdmxf@163.com; ᠲᠤᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ | ᠰᠤᠷᠪᠤᠯᠵᠢᠯᠠᠭ᠎ᠠ ᠬᠦᠯᠢᠶᠠᠨ ᠠᠪᠬᠤ ᠭᠠᠵᠠᠷ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠳᠤᠬᠠᠭᠠᠯᠭ᠎ᠠ | ᠶᠡᠭᠡ ᠵᠡᠭᠡᠯᠢ ᠶᠢᠨ ᠬᠦᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠨᠢᠭᠡᠳᠤᠭᠡᠷ ᠳᠠᠪᠬᠤᠷ ᠤᠨ | ᠪᠠᠷᠠᠭᠤᠨ ᠲᠠᠯ᠎ᠠ ᠳᠤ᠃ ᠡᠭᠦᠨ ᠤ ᠬᠠᠮᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠤᠨ ᠵᠠᠰᠠᠭ | ᠤᠨ ᠤᠷᠳᠤᠨ ᠤ ᠠᠰᠠᠷ ᠤᠨ ᠵᠡᠭᠦᠨ ᠲᠠᠯ᠎ᠠ ᠳᠠᠬᠢ ᠶᠤᠰᠤᠯᠠᠯ ᠤᠨ ᠲᠢᠩᠬᠢᠮ ᠤᠨ ᠡᠭᠦᠳᠡᠨ ᠤ ᠪᠠᠷᠠᠭᠤᠨ ᠲᠠᠯ᠎ᠠ᠂ | ᠪᠠᠳᠤᠬᠠᠭᠠᠯᠭ᠎ᠠ ᠪᠠᠯᠭᠠᠰᠤᠨ ᠤ ᠪᠤᠶᠠᠨ ᠢ ᠪᠠᠳᠠᠷᠠᠭᠤᠯᠤᠭᠴᠢ ᠰᠦᠮ᠎ᠡ ᠶᠢᠨ ᠵᠢᠵᠢᠭᠦᠷᠯᠡᠬᠦ ᠭᠡᠷ ᠤᠨ ᠪᠠᠷᠠᠭᠤᠨ ᠬᠡᠷᠡᠮ ᠪᠠ | ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠤᠳᠠ ᠶᠢᠨ ᠠᠷᠠᠳ ᠲᠤ ᠦᠢᠯᠡᠴᠢᠯᠡᠬᠦ ᠲᠢᠩᠬᠢᠮ ᠤᠨ ᠡᠭᠦᠳᠡᠨ | ᠳᠤ ᠵᠠᠬᠢᠳᠠᠯ ᠤᠨ ᠬᠠᠶᠢᠷᠴᠠᠭ ᠳᠤᠬᠢᠷᠠᠭᠤᠯᠵᠤ᠂ ᠵᠠᠬᠢᠳᠠᠯ ᠰᠤᠷᠪᠤᠯᠵᠢᠯᠠᠭ᠎ᠠ ᠬᠦᠯᠢᠶᠠᠨ ᠠᠪᠬᠤ ︽ᠮᠡᠷᠭᠡᠨ ᠴᠤᠬᠤᠷ︾ | ᠨᠠᠭᠠᠭᠰᠠᠨ ᠶᠤᠮ᠃ ᠵᠠᠬᠢᠳᠠᠯ ᠰᠤᠷᠪᠤᠯᠵᠢᠯᠠᠭ᠎ᠠ ᠶᠢ ᠬᠦᠯᠢᠶᠠᠨ ᠠᠪᠴᠤ ᠰᠢᠢᠳᠪᠤᠷᠢᠯᠡᠬᠦ ᠴᠠᠭ ᠢ 2025 ᠤᠨ ᠤ 4 | ᠰᠠᠷ᠎ᠠ ᠶᠢᠨ 25 ᠤ ᠡᠳᠦᠷ ᠢᠶᠠᠷ ᠬᠢᠵᠠᠭᠠᠷᠯᠠᠨ᠎ᠠ᠃ ᠦᠷᠭᠡᠨ ᠤᠯᠠᠨ ᠺᠠᠳ᠋ᠷ ᠤᠯᠠᠨ ᠲᠦᠮᠡᠨ ᠤ ᠤᠳᠠᠰᠤ ᠢᠷᠡᠭᠦᠯᠬᠦ᠂ | ᠵᠠᠬᠢᠳᠠᠯ ᠰᠤᠷᠪᠤᠯᠵᠢᠯᠠᠭ᠎ᠠ ᠦᠭᠬᠦ ᠵᠡᠷᠭᠡ ᠠᠷᠭ᠎ᠠ ᠪᠠᠷ ᠲᠤᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠪᠤᠳᠠᠳᠠᠢ | ᠪᠠᠷ ᠪᠠᠶᠢᠳᠠᠯ ᠢᠶᠠᠨ ᠳᠤᠰᠬᠠᠬᠤ ᠶᠢ ᠬᠦᠰᠡᠵᠤ ᠪᠠᠶᠢᠨ᠎ᠡ᠃ | ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠤᠶᠠᠳᠤᠭᠠᠷ ᠲᠤᠭᠤᠷᠢᠨ ᠪᠠᠶᠢᠴᠠᠭᠠᠬᠤ | ᠳᠤᠭᠤᠶᠢᠯᠠᠩ | 2025 ᠤᠨ ᠤ 3 ᠰᠠᠷ᠎ᠠ ᠶᠢᠨ 11 ᠤ ᠡᠳᠦᠷ | | | | ᠲᠠ ᠭᠠᠷ ᠤᠳᠠᠰᠤ ᠪᠠᠷ ᠢᠶᠠᠨ ᠳᠡᠭᠡᠷᠡᠬᠢ ᠮᠡᠷᠭᠡᠨ ᠴᠤᠬᠤᠷ ᠢ ᠰᠢᠷᠪᠢᠵᠤ ᠲᠤᠭᠤᠷᠢᠨ ᠪᠠᠶᠢᠴᠠᠭᠠᠬᠤ ᠳᠤᠭᠤᠶᠢᠯᠠᠩ ᠳᠤ | ᠪᠠᠶᠢᠳᠠᠯ ᠢᠶᠠᠨ ᠳᠤᠰᠬᠠᠭᠠᠷᠠᠢ᠃ | | | | |