ᠣᠶᠢᠷ᠎ᠠ ᠶᠢᠨ ᠬᠤᠭᠤᠴᠠᠭᠠᠨ ᠳᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠤᠯᠠᠨ ᠭᠠᠵᠠᠷ ᠤᠨ | ᠬᠠᠪᠤᠷ ᠤᠨ ᠤᠯᠠᠷᠢᠯ ᠤᠨ ᠠᠵᠢᠯᠲᠠᠨ ᠡᠯᠰᠡᠬᠦ ᠵᠠᠬ᠎ᠠ ᠳᠡᠯᠭᠡᠭᠦᠷ ᠬᠥᠭᠵᠢᠶᠡᠨᠲᠡᠢ ᠪᠠᠶᠢᠨ᠎ᠠ᠃ ᠡᠭᠦᠨ ᠳᠤ᠂ ᠱᠠᠩᠬᠠᠢ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠤᠨ ᠬᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ ᠠᠩᠬᠠᠨ ᠤ ᠲᠣᠮᠣ | ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ ᠲᠤᠬᠠᠢ ᠶᠢᠨ ᠲᠠᠯᠠᠪᠤᠷ ᠲᠤ 2 ᠲᠦᠮᠡ ᠭᠠᠷᠤᠢ | ᠠᠵᠢᠯᠲᠠᠨ ᠡᠯᠰᠡᠬᠦ ᠠᠵᠢᠯ ᠤᠨ ᠪᠠᠶᠢᠷᠢ ᠬᠠᠩᠭᠠᠵᠤ᠂ ᠵᠣᠬᠢᠶᠠᠮᠠᠯ ᠣᠶᠤᠨᠯᠢᠭ ᠤᠨ ᠬᠦᠷᠢᠶᠡᠨ ᠳᠠᠬᠢ ᠣᠯᠠᠨ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠳ ᠬᠥᠭᠵᠢᠶᠡᠨᠲᠡᠢ ᠣᠷᠣᠯᠴᠠᠵᠤ᠂ ᠶᠡᠭᠡ ᠬᠡᠮᠵᠢᠶᠡᠨ ᠤ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠩᠬᠠᠷᠤᠯ ᠢ ᠲᠠᠲᠠᠪᠠ᠃ ᠡᠭᠦᠨ ᠳᠤ᠂ AI ᠲᠣᠮᠣ ᠵᠠᠭᠪᠤᠷ ᠤᠨ ᠬᠡᠷᠡᠭᠯᠡᠭᠡᠨ ᠤ | ᠰᠤᠳᠤᠯᠤᠭᠴᠢ᠂ ᠷᠠᠳᠢᠣ᠋ ᠬᠤᠯᠪᠣᠭᠠᠨ ᠤ ᠪᠤᠳᠤᠬᠤ ᠠᠷᠭ᠎ᠠ ᠶᠢᠨ ᠢᠨᠵᠧᠨᠧᠷ ᠵᠡᠷᠭᠡ ᠬᠤᠯᠪᠣᠭᠳᠠᠯ ᠪᠦᠬᠦᠢ ᠠᠵᠢᠯ ᠤᠨ | ᠪᠠᠶᠢᠷᠢ ᠳᠤ 300 ᠰᠢᠬᠠᠮ ᠬᠥᠮᠥᠨ ᠡᠯᠰᠡᠵᠦ᠂ ᠰᠠᠷ᠎ᠠ ᠶᠢᠨ ᠴᠠᠯᠢᠩ ᠨᠢ ᠬᠠᠮᠤᠭ ᠤᠨ ᠥᠨᠳᠥᠷ ᠲᠡᠭᠡᠨ 4 ᠲᠦᠮᠡᠨ | ᠲᠥᠭᠦᠷᠢᠭ ᠲᠤ ᠬᠦᠷᠦᠨ᠎ᠡ᠃ | 2025 ᠣᠨ ᠤ ᠱᠠᠩᠬᠠᠢ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ | ᠵᠠᠯᠠᠭᠤᠴᠤᠳ ᠲᠤ ᠬᠠᠨᠳᠤᠭᠤᠯᠤᠭᠰᠠᠨ ᠠᠩᠬᠠᠳᠠᠭᠴᠢ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠳᠡᠭᠡᠷ᠎ᠡ᠂ | ᠮᠢᠩᠭ᠎ᠠ ᠰᠢᠬᠠᠮ ᠨᠢᠭᠡᠴᠢ ᠠᠵᠢᠯᠲᠠᠨ ᠡᠯᠰᠡᠬᠦ ᠳᠤ ᠣᠷᠣᠯᠴᠠᠵᠠᠢ᠂ ᠡᠭᠦᠨ ᠳᠤ ᠠᠷᠠᠳ ᠤᠨ ᠡᠵᠡᠩᠨᠡᠭᠰᠡᠨ ᠠᠵᠤ | ᠠᠬᠤᠶᠢᠯᠠᠯ 50% ᠶᠢ ᠡᠵᠡᠯᠡᠭᠰᠡᠨ ᠪᠥᠭᠡᠳ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ᠂ | ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠣᠯ ᠰᠡᠳᠦᠪ ᠢᠶᠠᠷ 15 ᠲᠤᠰᠬᠠᠢ ᠣᠷᠣᠨ ᠬᠤᠪᠢᠶᠠᠵᠤ᠂ ᠨᠡᠶᠢᠲᠡ 2 | ᠲᠦᠮᠡ ᠭᠠᠷᠤᠢ ᠠᠵᠢᠯᠲᠠᠨ ᠡᠯᠰᠡᠬᠦ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ᠴᠥᠭᠡᠨ ᠪᠤᠰᠤ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠲᠠᠨ ᠡᠯᠰᠡᠬᠦ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ | ᠣᠳᠣᠬᠠᠨ ᠳᠤ ᠠᠵᠤ ᠠᠬᠤᠶᠢᠯᠠᠯ ᠶᠠᠭ ᠲᠦᠷᠭᠡᠨ ᠦᠰᠦᠨ ᠪᠣᠶᠢᠵᠢᠵᠤ ᠪᠠᠶᠢᠭ᠎ᠠ ᠱᠠᠲᠤᠨ ᠳᠠᠭᠠᠨ ᠪᠠᠶᠢᠭ᠎ᠠ ᠪᠣᠯᠬᠤᠷ | ᠡᠯ᠎ᠡ ᠲᠥᠷᠥᠯ ᠤᠨ ᠴᠢᠳᠠᠪᠤᠷᠢᠲᠠᠨ ᠪᠠᠴᠢᠮ ᠱᠠᠭᠠᠷᠳᠠᠭᠳᠠᠵᠤ ᠪᠤᠢ᠂ ᠡᠶᠢᠮᠦᠷᠬᠦ ᠵᠣᠯᠭᠠᠭᠤᠯᠬᠤ ᠬᠤᠷᠠᠯ ᠢᠶᠠᠷ ᠳᠡᠮᠵᠢᠨ | ᠰᠠᠨᠠᠭᠠᠨ ᠳᠤ ᠳᠠᠭᠠᠷᠠᠭᠰᠠᠨ ᠠᠵᠢᠯᠲᠠᠨ ᠡᠯᠰᠡᠬᠦ ᠶᠢ ᠬᠦᠰᠡᠵᠦ ᠪᠠᠶᠢᠨ᠎ᠠ᠃ ᠠᠵᠢᠯ ᠤᠨ ᠲᠠᠯᠠᠪᠠᠶ ᠳᠤ ᠠᠩᠬ᠎ᠠ | ᠣᠷᠣᠭᠰᠠᠨ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠲᠤ ᠠᠵᠤ ᠠᠬᠤᠶᠢᠯᠠᠯ ᠤᠨ ᠬᠢᠨ ᠪᠠᠰᠠ | ᠪᠣᠯᠪᠠᠰᠤᠷᠠᠭᠤᠯᠤᠯ ᠤᠨ ᠲᠣᠬᠢᠶᠠᠯ ᠪᠠ ᠠᠵᠢᠯ ᠮᠡᠷᠭᠡᠵᠢᠯ ᠤᠨ ᠬᠥᠭᠵᠢᠯᠲᠡ ᠶᠢᠨ ᠵᠠᠮ ᠢ ᠬᠠᠩᠭᠠᠬᠤ ᠪᠣᠯᠣᠨ᠎ᠠ ᠭᠡᠵᠡᠢ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ | ᠲᠦᠷᠦᠭᠦᠸ ᠭᠤᠷᠪᠠ ᠳᠤ ᠵᠢᠭᠰᠠᠭᠠᠭᠳᠠᠭᠰᠠᠨ ᠠᠵᠢᠯ ᠤᠨ ᠪᠠᠶᠢᠷᠢ ᠪᠣᠯ ᠲᠣᠰ ᠲᠣᠰ ᠪᠤᠳᠤᠬᠤ ᠠᠷᠭ᠎ᠠ ᠶᠢᠨ ᠢᠨᠵᠧᠨᠧᠷ | ᠂ ᠵᠠᠬ᠎ᠠ ᠳᠡᠯᠭᠡᠭᠦᠷ ᠤᠨ ᠪᠣᠷᠣᠯᠠᠭᠤᠯᠤᠭᠴᠢ ᠵᠢᠴᠢ ᠭᠡᠷ ᠤᠨ ᠶᠠᠪᠤᠳᠠᠯ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯᠲᠠᠨ ᠪᠣᠯᠣᠨ᠎ᠠ᠃ ᠴᠠᠯᠢᠩ ᠤᠨ ᠲᠤᠭ᠎ᠠ ᠪᠠᠷᠢᠮᠲᠠ ᠠᠴᠠ ᠦᠵᠡᠪᠡᠯ᠂ AI ᠲᠣᠮᠣ ᠵᠠᠭᠪᠤᠷ ᠤᠨ | ᠬᠡᠷᠡᠭᠯᠡᠭᠡᠨ ᠤ ᠰᠤᠳᠤᠯᠤᠭᠴᠢ᠂ ᠷᠠᠳᠢᠣ᠋ ᠬᠤᠯᠪᠣᠭᠠᠨ ᠤ ᠪᠤᠳᠤᠬᠤ ᠠᠷᠭ᠎ᠠ ᠶᠢᠨ ᠢᠨᠵᠧᠨᠧᠷ ᠵᠡᠷᠭᠡ ᠬᠤᠯᠪᠣᠭᠳᠠᠯ ᠪᠦᠬᠦᠢ | ᠠᠵᠢᠯ ᠤᠨ ᠪᠠᠶᠢᠷᠢ ᠳᠤ 300 ᠰᠢᠬᠠᠮ ᠬᠥᠮᠥᠨ ᠡᠯᠰᠡᠵᠦ᠂ ᠰᠠᠷ᠎ᠠ ᠶᠢᠨ ᠴᠠᠯᠢᠩ ᠨᠢ ᠬᠠᠮᠤᠭ ᠤᠨ ᠥᠨᠳᠥᠷ ᠲᠡᠭᠡᠨ | 4 ᠲᠦᠮᠡᠨ ᠲᠥᠭᠦᠷᠢᠭ ᠲᠤ ᠬᠦᠷᠴᠦ ᠪᠠᠶᠢᠨ᠎ᠠ᠃ ᠴᠥᠭᠡᠨ ᠪᠤᠰᠤ ᠠᠵᠤ ᠠᠬᠤᠶᠢᠯᠠᠯ ᠤᠨ ᠬᠢᠨ ᠨᠢᠯᠬ᠎ᠠ ᠬᠡᠦᠬᠡᠳ | ᠠᠰᠠᠷᠠᠭᠴᠢ᠂ ᠪᠠᠷ᠎ᠠ ᠪᠣᠯᠵᠤ ᠡᠮᠴᠢ ᠳᠤ ᠡᠮᠨᠡᠭᠦᠯᠦᠭᠴᠢ᠂ ᠡᠷᠡᠭᠦᠯ ᠮᠡᠨᠳᠦ ᠶᠢᠨ ᠠᠰᠠᠷᠠᠨ ᠰᠤᠪᠢᠯᠠᠭᠴᠢ ᠵᠡᠷᠭᠡ | ᠠᠵᠢᠯ ᠤᠨ ᠪᠠᠶᠢᠷᠢ ᠭᠠᠷᠭᠠᠵᠤ᠂ ᠰᠠᠷ᠎ᠠ ᠶᠢᠨ ᠴᠠᠯᠢᠩ ᠨᠢ ᠦᠨᠳᠦᠰᠦᠨ ᠳᠡᠭᠡᠨ 1 ᠲᠦᠮᠡᠨ ᠲᠥᠭᠦᠷᠢᠭ ᠠᠴᠠ | ᠳᠡᠭᠡᠭᠰᠢ᠂ ᠬᠠᠮᠤᠭ ᠤᠨ ᠥᠨᠳᠥᠷ ᠲᠡᠭᠡᠨ 3 ᠲᠦᠮᠡᠨ ᠲᠥᠭᠦᠷᠢᠭ ᠲᠤ ᠬᠦᠷᠴᠦ ᠪᠠᠶᠢᠨ᠎ᠠ᠃ |