︽12315 ᠬᠠᠯᠠᠮᠰᠢᠯ ᠤᠲᠠᠰᠤ 24 ᠴᠠᠭ ᠤᠨ ᠰᠠᠭᠠᠳ ᠥᠬᠡᠶ ᠪᠠᠷ ᠨᠡᠪᠲᠡᠷᠡᠬᠦ ᠶᠢ ᠪᠠᠲᠤᠯᠠᠵᠤ᠂ ᠮᠠᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠠ ᠤᠯᠠᠨ ᠤ ᠰᠠᠨᠠᠭ᠎ᠠ ᠠᠮᠤᠷ ᠭᠡᠷᠡᠭᠯᠡᠭᠡ | ᠬᠢᠬᠦ ᠶᠢᠨ ᠰᠠᠬᠢᠨ ᠬᠠᠮᠠᠭᠠᠯᠠᠭᠴᠢ ᠪᠤᠯᠬᠤ ᠪᠠᠷ ᠴᠢᠷᠮᠠᠶᠢᠨ᠎ᠠ ︕︾ | ︽ᠠᠨᠢᠶ᠎ᠠ ᠡ᠂ ᠲᠠ ᠶᠠᠭᠤᠮ᠎ᠠ ᠬᠤᠳᠠᠯᠳᠤᠨ ᠠᠪᠬᠤ ᠦᠶ᠎ᠡ ᠳᠡᠭᠡᠨ ᠲᠠᠨ ᠤ ᠡᠷᠬᠡ ᠠᠰᠢᠭ ᠲᠤ ᠬᠠᠯᠳᠠᠭᠰᠠᠨ | ᠬᠤᠳᠠᠯᠳᠤᠭᠠᠴᠢᠨ ᠲᠠᠢ ᠲᠠᠭᠠᠷᠠᠯᠳᠤᠪᠠᠯ᠂ ᠲᠠ 12315 ᠳᠤ ᠤᠲᠠᠰᠤᠳᠠᠭᠠᠳ ᠪᠢᠳᠡᠨ ᠳᠤ ᠬᠠᠷᠢᠭᠤ ᠲᠤᠰᠬᠠᠭᠠᠷᠠᠢ︾ | ᠭᠡᠪᠡ᠃ | ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ | 3 ᠰᠠᠷ᠎ᠠ ᠶᠢᠨ 11 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠵᠢᠯᠲᠠᠨ ᠢᠶᠠᠨ ᠵᠣᠬᠢᠶᠠᠨ ᠪᠠᠶᠢᠭᠤᠯᠤᠨ ᠠᠵᠤ ᠠᠬᠤᠶᠢᠯᠠᠯ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠡᠷᠡᠭᠯᠡᠭᠴᠢᠳ ᠤᠨ ᠡᠷᠬᠡ ᠠᠰᠢᠭ ᠤᠨ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠤ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ | ᠬᠠᠷᠢᠭᠤᠯᠵᠤ᠂ ᠠᠭᠤᠯᠭ᠎ᠠ ᠨᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠬᠡᠮᠵᠢᠯᠲᠡ᠂ | ᠦᠨ᠎ᠡ ᠬᠠᠩᠰᠢ᠂ ᠶᠠᠰᠤ ᠴᠢᠨᠠᠷ ᠵᠡᠷᠭᠡ ᠣᠯᠠᠨ ᠬᠦᠷᠢᠶᠡᠨ ᠳᠤ ᠬᠤᠯᠪᠣᠭᠳᠠᠵᠠᠶ᠃ | ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠪᠣᠯᠤᠨ ᠠᠵᠢᠯᠲᠠᠨ ᠠᠵᠢᠯᠴᠢᠨ ᠲᠠᠢ ᠶᠠᠷᠢᠯᠴᠠᠨ ᠰᠣᠯᠢᠯᠴᠠᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠦᠨ᠎ᠡ ᠬᠠᠩᠰᠢ ᠶᠢ ᠢᠯᠡ ᠪᠤᠯᠭᠠᠬᠤ ᠪᠠ | ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ᠤᠨ ᠡᠯ᠎ᠡ ᠵᠦᠢᠯ ᠤᠨ ᠵᠦᠢᠯ ᠵᠤᠷᠪᠤᠰ ᠪᠣᠯᠤᠨ | ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠬᠡᠷᠡᠭᠯᠡᠭᠴᠢᠳ ᠲᠤ ᠡᠷᠬᠡ ᠠᠰᠢᠭ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠦᠨ᠎ᠡ ᠬᠠᠩᠰᠢ ᠶᠢ ᠢᠯᠡ ᠪᠤᠯᠭᠠᠬᠤ ᠲᠣᠭᠲᠠᠭᠠᠯ ᠢ ᠴᠢᠩᠭ᠎ᠠ | ᠬᠡᠷᠡᠭᠵᠢᠭᠦᠯᠬᠦ ᠶᠢ ᠭᠤᠤᠯᠳᠠᠯᠭ᠎ᠠ ᠲᠠᠢ ᠰᠠᠨᠠᠭᠤᠯᠵᠤ᠂ ᠦᠨ᠎ᠡ ᠬᠠᠩᠰᠢ ᠶᠢᠨ ᠭᠠᠷ ᠤᠨ ᠦᠰᠦᠭ ᠵᠢᠷᠤᠭᠰᠠᠨ | ᠠᠭᠤᠯᠭ᠎ᠠ ᠨᠢ ᠦᠨᠡᠨ ᠪᠣᠳᠠᠲᠠᠶ ᠣᠨᠣᠪᠴᠢᠲᠠᠶ᠂ ᠡᠳ᠋ ᠪᠠᠷᠠᠭ᠎ᠠ ᠶᠢ ᠵᠦᠪ ᠪᠠᠶᠢᠷᠢ ᠳᠤᠨᠢ ᠲᠠᠭᠠᠷᠠᠭᠤᠯᠵᠤ᠂ ᠢᠯᠡ | ᠲᠡᠮᠳᠡᠭ ᠲᠠᠢ ᠪᠠᠶᠢᠯᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ ᠦᠨᠡᠨᠴᠢ ᠢᠲᠡᠭᠡᠮᠵᠢᠲᠡᠶ | ᠡᠵᠡᠩᠨᠡᠬᠦ ᠶᠢ ᠰᠢᠮᠳᠠᠭᠤᠯᠵᠤ᠂ ᠬᠡᠷᠡᠭᠯᠡᠭᠡᠨ ᠤ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠶ᠃ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠬᠠᠤᠯᠢ ᠬᠡᠷᠡᠭᠵᠢᠭᠦᠯᠦᠭᠴᠢ ᠡᠵᠡᠩᠨᠡᠭᠴᠢ ᠪᠣᠯᠤᠨ | ᠬᠡᠷᠡᠭᠯᠡᠭᠴᠢᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠲᠠᠸᠠᠷ ᠤᠨ ᠪᠠᠷᠠᠭ᠎ᠠ ᠶᠢ ᠪᠤᠴᠠᠭᠠᠵᠤ ᠰᠤᠯᠢᠬᠤ᠂ | ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠲᠠᠯ᠎ᠠ ᠪᠠᠷ ᠬᠢ ᠬᠡᠷᠡᠭᠯᠡᠭᠴᠢᠳ ᠤᠨ ᠮᠠᠳᠠᠭ ᠲᠠᠢ ᠠᠰᠠᠭᠤᠳᠠᠯ ᠢ | ᠬᠦᠯᠢᠴᠡᠩᠭᠦᠢ ᠪᠠᠷ ᠬᠠᠷᠢᠭᠤᠯᠵᠤ᠂ ᠬᠡᠷᠡᠭᠯᠡᠭᠴᠢᠳ ᠢ ᠪᠠᠷᠠᠭ᠎ᠠ ᠬᠤᠳᠠᠯᠳᠤᠨ ᠠᠪᠬᠤ ᠳᠠᠭᠠᠨ ᠢᠲᠡᠭᠡᠯ ᠲᠡᠭᠦᠯᠳᠡᠷ | ᠪᠣᠯᠭᠠᠪᠠ᠃ | ︽ᠵᠢᠯ ᠪᠦᠷᠢ ᠶᠢᠨ 315 ᠨᠢ ᠪᠢᠳᠠᠨ ᠤ ᠬᠡᠷᠡᠭᠯᠡᠭᠴᠢᠳ ᠤᠨ ᠡᠷᠬᠡ ᠠᠰᠢᠭ ᠢ ᠠᠩᠬᠠᠷᠴᠤ᠂ | ᠭᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠤᠯᠬᠤ ᠴᠢᠬᠤᠯᠠ ᠴᠠᠭ | ᠮᠥᠴᠡ ᠪᠣᠯᠤᠨ᠎ᠠ᠃ ᠮᠢᠨᠦ ᠦᠵᠡᠬᠦ ᠪᠠᠷ᠂ ᠬᠡᠷᠡᠭᠯᠡᠭᠴᠢᠳ ᠤᠨ ᠡᠷᠬᠡ ᠠᠰᠢᠭ ᠵᠥᠪᠬᠡᠨ ᠬᠠᠤᠯᠢ ᠴᠠᠭᠠᠵᠠ ᠶᠢᠨ ᠵᠦᠢᠯ | ᠵᠤᠷᠪᠤᠰ ᠳᠡᠭᠡᠷᠡᠬᠢ ᠲᠣᠭᠲᠠᠭᠠᠯ ᠪᠢᠰᠢ᠂ ᠨᠡᠩ ᠴᠤ ᠪᠢᠳᠡᠨ ᠤ ᠬᠥᠮᠥᠨ ᠨᠢᠭᠡᠪᠦᠷᠢ ᠡᠳᠦᠷ ᠲᠤᠲᠤᠮ ᠤᠨ ᠠᠮᠢᠳᠤᠷᠠᠯ | ᠳᠤᠮᠳᠠ ᠢᠳᠡᠪᠬᠢᠲᠡᠢ ᠬᠠᠮᠠᠭᠠᠯᠠᠬᠤ ᠶᠣᠰᠣᠲᠠᠢ ᠦᠨᠳᠦᠰᠦᠨ ᠡᠷᠬᠡ ᠠᠰᠢᠭ ᠪᠣᠯᠣᠨ᠎ᠠ᠃ ᠬᠡᠷᠡᠭᠯᠡᠭᠴᠢ ᠪᠣᠯᠣᠭᠰᠠᠨ ᠤ | ᠬᠤᠪᠢ ᠳᠤ᠂ ᠪᠢᠳᠡ ᠲᠠᠸᠠᠷ ᠪᠣᠯᠣᠨ ᠦᠢᠯᠡᠴᠢᠯᠡᠭᠡ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠢ ᠱᠠᠭᠠᠷᠳᠠᠬᠤ | ᠡᠷᠬᠡ ᠲᠠᠢ᠂ ᠮᠡᠬᠡᠯᠡᠯ ᠪᠤᠶᠤ ᠵᠣᠬᠢᠰ ᠦᠭᠡᠢ ᠠᠵᠢᠯᠯᠠᠭ᠎ᠠ ᠳᠤ ᠤᠴᠠᠷᠠᠬᠤ ᠦᠶ᠎ᠡ ᠳᠤ ᠵᠦᠢ ᠵᠣᠬᠢᠰᠲᠠᠢ ᠲᠥᠯᠥᠪᠦᠷᠢ | ᠪᠣᠯᠣᠨ ᠲᠡᠳᠬᠦᠮᠵᠢ ᠣᠯᠬᠤ ᠡᠷᠬᠡ ᠲᠠᠢ︾ ᠬᠡᠵᠦ ᠭᠡᠷᠡᠭᠯᠡᠭᠴᠢ ᠭᠤᠣ ᠱᠢᠦ ᠮᠧᠢ ᠭᠡᠯᠡᠪᠡ᠃ | ᠨᠡᠶᠢᠭᠡᠮ ᠲᠣᠭᠤᠷᠢᠭ ᠲᠤ ᠬᠦᠷᠬᠦ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠦᠬᠦᠮ ᠣᠶᠢᠯᠠᠭᠠᠮᠵᠢᠲᠠᠶ ᠦᠭᠡ | ᠬᠡᠯᠡ ᠪᠠᠷ ᠰᠠᠭᠤᠭᠠᠯᠢ ᠠᠷᠠᠳ ᠲᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠡᠳᠦᠷ | ᠲᠤᠲᠤᠮ ᠤᠨ ᠠᠮᠢᠳᠤᠷᠠᠯ ᠳᠤ ᠦᠷᠭᠦᠯᠵᠢ ᠲᠣᠬᠢᠶᠠᠯᠳᠤᠳᠠᠭ ᠢᠳᠡᠭᠡᠨ ᠤ ᠠᠮᠤᠷ ᠲᠦᠪᠰᠢᠨ ᠤ ᠠᠰᠠᠭᠤᠳᠠᠯ ᠵᠢᠴᠢ | ᠬᠤᠳᠠᠯ ᠬᠠᠭᠤᠷᠮᠠᠭ ᠮᠠᠭᠤ ᠢᠳᠡᠭᠡᠨ ᠢ ᠬᠡᠷᠬᠢᠨ ᠢᠯᠭᠠᠨ ᠲᠠᠨᠢᠬᠤ ᠵᠡᠷᠭᠡ ᠮᠡᠳᠡᠯᠭᠡ ᠶᠢ ᠲᠠᠶᠢᠯᠪᠤᠷᠢᠯᠠᠪᠠ᠃ | ᠣᠳᠣᠬᠠᠨ ᠤ ᠨᠠᠰᠤᠲᠠᠶᠢᠴᠤᠳ ᠤᠨ ᠡᠷᠡᠭᠦᠯᠵᠢᠯ ᠤᠨ ᠢᠳᠡᠭᠡᠨ ᠤᠮᠳᠠᠭᠠᠨ ᠤ ᠪᠡᠶ᠎ᠡ ᠰᠤᠪᠢᠯᠠᠯᠳᠠ ᠂ ᠬᠠᠤᠯᠢ ᠪᠤᠰᠤ ᠪᠠᠷ | ᠪᠠᠯᠠ ᠴᠤᠭᠯᠠᠭᠤᠯᠬᠤ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠳᠤ ᠴᠢᠭᠯᠡᠭᠦᠯᠦᠨ᠂ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ | ᠠᠷᠠᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ | ᠴᠢᠩᠭᠠᠳᠬᠠᠬᠤ ᠶᠢ ᠰᠠᠨᠠᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠪᠠᠲᠤᠬᠠᠭᠠᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠡᠳ᠋ | ᠳᠠᠷᠤᠭ᠎ᠠ ᠯᠢ ᠶᠤᠸᠠᠨ᠄ ︽ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︿ | ᠬᠡᠷᠡᠭᠯᠡᠭᠡ ᠳᠤ ᠬᠠᠨᠤᠮᠵᠢᠲᠠᠶ ᠪᠠᠶᠢᠬᠤ ᠶᠢ ᠬᠠᠮᠳᠤ ᠪᠠᠷ ᠴᠤᠭᠴᠠᠯᠠᠬᠤ﹀ ᠭᠡᠰᠡᠨ ᠲᠤᠰ ᠣᠨ ᠤ ᠭᠤᠤᠯ ᠰᠡᠳᠦᠪ ᠤᠨ | ᠲᠣᠭᠤᠷᠢᠨ ᠳᠤ ︿ᠡᠳᠦᠷ ᠡᠳᠦᠷ 3 · 15﹀ ᠤ ᠡᠭᠦᠷᠭᠡᠯᠡᠯ ᠢᠶᠠᠷ ᠣᠯᠠᠨ ᠲᠦᠮᠡᠨ ᠤ ᠬᠡᠷᠡᠭᠯᠡᠭᠡᠨ ᠤ ᠠᠮᠤᠷ | ᠲᠦᠪᠰᠢᠨ ᠢ ᠰᠠᠬᠢᠨ ᠬᠠᠮᠠᠭᠠᠯᠠᠵᠤ᠂ ᠬᠡᠷᠡᠭᠯᠡᠭᠴᠢᠳ ᠨᠢᠭᠡᠪᠦᠷᠢ ᠶᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ | ᠠᠮᠤᠷ ᠬᠡᠷᠡᠭᠯᠡᠭᠦᠯᠦᠨ᠎ᠡ᠃ ᠪᠢᠳᠡ ᠪᠠᠰᠠ ᠡᠨᠡ ᠲᠣᠬᠢᠶᠠᠯ ᠢ ᠠᠰᠢᠭᠯᠠᠨ᠂ ᠥᠷᠭᠡᠨ ᠣᠯᠠᠨ ᠬᠡᠷᠡᠭᠯᠡᠭᠴᠢᠳ | ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠳᠤ ᠢᠳᠡᠪᠬᠢᠲᠡᠶ ᠣᠷᠣᠯᠴᠠᠵᠤ᠂ ᠵᠥᠪ ᠠᠷᠭ᠎ᠠ ᠵᠠᠮ ᠢᠶᠠᠷ ᠲᠣᠰ ᠪᠡᠶ᠎ᠡ ᠶᠢᠨ | ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠤᠷᠢᠶᠠᠯᠠᠪᠠ︾ ᠭᠡᠵᠦ ᠶᠠᠷᠢᠪᠠ᠃ | ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠨᠡᠩ ᠡᠷᠬᠡ ᠲᠡᠭᠰᠢ᠂ ᠨᠡᠩ ᠠᠮᠢᠵᠢᠷᠠᠯ ᠤᠨ | ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠶᠢᠭᠤᠯᠬᠤ ᠪᠠᠷ ᠴᠢᠷᠮᠠᠶᠢᠵᠤ᠂ ᠠᠷᠠᠳ ᠤᠯᠠᠨ ᠤ | ᠬᠡᠷᠡᠭᠯᠡᠭᠡᠨ ᠤ ᠬᠦᠰᠡᠯ ᠰᠠᠨᠠᠭ᠎ᠠ ᠶᠢ ᠦᠨᠡᠨᠬᠦ ᠳᠡᠭᠡᠭᠰᠢᠯᠡᠭᠦᠯᠵᠦ᠂ ᠡᠷᠬᠡ ᠲᠡᠭᠰᠢ ᠡᠮᠬᠢ ᠳᠢᠭᠯᠢᠮ ᠲᠠᠢ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠪᠣᠯᠤᠨ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ | ᠪᠤᠢ ᠪᠣᠯᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠃ |