ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ 2024 ᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2025/3/14
      ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠬᠠᠭᠠᠭᠰᠠᠨ ﹇2024﹈ 3 ᠳ᠋ᠤᠭᠠᠷ ᠲᠣᠭᠠᠲᠤ︶ ᠪᠠ ︽︿ᠪᠤᠭᠤᠲᠤ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠤᠭᠤᠳᠤ ᠬᠤᠳᠠ ᠶᠢᠨ ᠬᠠᠤᠯᠢ ᠴᠠᠭᠠᠵᠠ ᠶᠢᠨ ᠲᠤᠪᠴᠢᠶᠠᠨ ᠤ ᠲᠠᠷᠬᠠᠭᠠᠭᠰᠠᠨ ︹2024︺ 62 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄     ᠨᠢᠭᠡ ᠳᠤ᠂ ᠪᠠᠶᠢᠭᠤᠯᠭ᠎ᠠ ᠨᠢᠭᠡᠴᠡ ᠶᠢᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠵᠠᠷᠯᠠᠨ ᠨᠡᠶᠢᠲᠡᠯᠡᠬᠦ ᠪᠤᠯᠤᠩ ᠵᠡᠷᠭᠡ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠤᠨ ᠬᠡᠷᠡᠭᠯᠡᠯᠲᠡ ᠵᠢᠴᠢ ᠬᠡᠷᠡᠭ ᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠢᠳᠡᠪᠬᠢᠲᠡᠶ ᠪᠠᠷ ᠢᠯᠡ ᠪᠠᠷ ᠨᠡᠶᠢᠲᠡᠯᠡᠪᠡ᠃ 2024 ᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ 1.5 ᠲᠦᠮᠡᠨ ᠲᠥᠭᠦᠷᠢᠭ ᠪᠠᠶᠢᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠪᠡᠯᠡ ᠮᠥᠩᠭᠦ ᠶᠢ 10 ᠲᠦᠮᠡᠨ ᠲᠥᠭᠦᠷᠢᠭ ᠭᠥᠯᠢᠶᠡᠨ ᠠᠪᠴᠤ᠂  ᠪᠦᠬᠦᠨ ᠢ ᠴᠥᠮ ᠦᠭᠭᠦᠭᠰᠡᠨ ᠪᠠᠶᠢᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠶ ᠵᠠᠷᠤᠳᠠᠯ ᠤᠨ ᠬᠡᠷᠡᠭᠯᠡᠬᠦ ᠬᠡᠪᠴᠢᠶ᠎ᠡ ᠵᠢᠴᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠭᠠᠨ ᠥᠭᠭᠦᠭᠰᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠪᠦᠬᠦᠨ ᠢ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠡᠪᠬᠡᠮᠡᠯ ᠤᠨ ᠨᠥᠬᠦᠪᠥᠷᠢ ᠣᠯᠭᠤᠬᠤ ᠳᠤ ᠬᠡᠷᠡᠭᠯᠡᠬᠦ ᠬᠡᠷᠡᠭᠲᠡᠶ᠃      ᠬᠤᠶᠠᠷ ᠲᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠪᠡ᠃ 2024 ᠤᠨ ᠳᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠠᠵᠢᠯ ᠳᠤ ᠢᠳᠡᠪᠬᠢᠲᠡᠶ ᠣᠷᠣᠯᠴᠠᠪᠠ᠃      ᠭᠤᠷᠪᠠ ᠳᠤ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠵᠢᠴᠢ ᠠᠷᠭ᠎ᠠ ᠮᠠᠶ᠋ᠢᠭ ᠲᠤ ᠢᠯᠡ ᠪᠠᠷ ᠤᠬᠠᠭᠤᠯᠭ᠎ᠠ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠳᠤ ᠣᠷᠣᠯᠴᠠᠬᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠮᠡᠳᠡᠬᠦ ᠨᠣᠷᠮ᠎ᠠ ᠶᠢ ᠳᠡᠭᠡᠭᠰᠢᠯᠡᠭᠦᠯᠪᠡ᠃      ᠳᠡᠭᠡᠷᠡᠬᠢ ᠠᠭᠤᠯᠭ᠎ᠠ ᠶᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ  ᠪᠠᠶᠢᠵᠤ᠂ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠴᠥᠮ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠠᠪᠬᠤ ᠵᠡᠷᠭᠡ ᠬᠡᠯᠪᠡᠷᠢ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠢᠯᠡ ᠨᠡᠶᠢᠲᠡᠯᠡᠭᠰᠡᠨ ᠵᠦᠢᠯᠡᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ ᠲᠤᠰᠬᠠᠭᠰᠠᠨ ᠠᠰᠠᠭᠤᠳᠠᠯ ᠳᠤ ᠪᠠᠶᠢᠴᠠᠭᠠᠯᠲᠠ ᠶᠢᠨ ᠲᠤᠬᠠᠶ ᠶᠢᠨ ᠬᠥᠮᠦᠨ ᠪᠤᠶᠤ ᠭᠡᠷᠡᠴᠢᠯᠡᠭᠴᠢ ᠵᠢᠴᠢ ᠠᠰᠠᠭᠤᠳᠠᠯ ᠡᠭᠦᠰᠦᠭᠰᠡᠨ ᠴᠠᠭ᠂ ᠭᠠᠵᠠᠷ ᠵᠡᠷᠭᠡ ᠪᠤᠰᠤᠳ ᠬᠤᠯᠪᠣᠭᠳᠠᠯ ᠪᠥᠬᠦᠶ ᠰᠦᠪᠡᠭᠴᠢ ᠶᠢ ᠬᠠᠩᠭᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠠᠰᠠᠭᠤᠳᠠᠯ ᠢ ᠲᠤᠰᠬᠠᠭᠴᠢᠳ ᠵᠢᠴᠢ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ᠃     ᠬᠢᠨᠠᠯᠲᠠ ᠲᠠᠯᠪᠢᠬᠤ ᠤᠲᠠᠰᠤ᠄ 0472 - 8424148     ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 14᠄ 30 - 17᠄ 30     ᠬᠠᠶ᠋ᠢᠭ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ 304 ᠲᠠᠰᠤᠭ     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                           2025 ᠣᠨ ᠤ 3 ᠰᠠᠷ᠎ᠠ ᠶᠢᠨ 12 ᠤᠨ ᠡᠳᠦᠷ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号