︽ᠬᠠᠭᠠᠰ ᠵᠢᠯ ᠬᠤᠶᠢᠰᠢᠯᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠵᠢᠭᠤᠷᠠᠯᠳᠤᠭᠠᠨ ᠢ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠲᠤ ᠬᠦᠷᠦᠮᠡᠭᠴᠡ ᠰᠢᠢᠳᠪᠦᠷᠢᠯᠡᠯᠳᠡ | ᠤᠯᠤᠨ᠎ᠠ ᠭᠡᠵᠦ ᠦᠨᠡᠬᠡᠷ ᠪᠣᠳᠣᠵᠤ ᠣᠯᠤᠭᠰᠠᠨ ᠦᠭᠡᠶ︾ ᠬᠡᠵᠦ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠳᠤ ᠰᠠᠭᠤᠭ᠎ᠠ ᠶᠥᠦ ᠤᠪᠤᠭᠳᠤ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠤᠨ ᠥᠨᠳᠥᠷ ᠪᠦᠲᠦᠮᠵᠢᠲᠡᠢ ᠡᠶᠡᠳᠡᠭᠦᠯᠭᠡ ᠶᠢ ᠮᠠᠭᠲᠠᠨ ᠰᠠᠶᠢᠰᠢᠶᠠᠪᠠ᠃ | ᠡᠨᠡ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ | ᠰᠢᠨ᠎ᠡ ᠶᠢ ᠡᠭᠦᠳᠴᠦ᠂ ᠶᠡᠷᠦᠩᠬᠡᠶᠢᠯᠡᠨ ᠵᠠᠰᠠᠬᠤ ᠲᠥᠪ ᠤᠨ ︽ᠨᠢᠭᠡ ᠥᠷᠲᠡᠭᠡᠨ ᠤ ᠮᠠᠶ᠋ᠢᠭ︾ ᠤᠨ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ | ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠪᠡ᠃ | ᠵᠥᠷᠢᠴᠡᠯ ᠵᠢᠭᠤᠷᠠᠯᠳᠤᠭᠠᠨ ᠲᠠᠢ ᠪᠤᠯ ᠲᠥᠪ ᠲᠤ ᠢᠷᠡᠵᠦ ᠂ ᠤᠴᠢᠷ ᠶᠠᠪᠤᠳᠠᠯ ᠢᠶᠠᠨ ᠰᠢᠢᠳᠪᠦᠷᠢᠯᠡᠨ᠂ | ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠵᠥᠷᠢᠴᠡᠯ ᠵᠢᠭᠤᠷᠠᠯᠳᠤᠭᠠᠨ ᠢ | ᠦᠨᠳᠦᠰᠦᠨ ᠱᠠᠲᠤᠨ ᠳᠤ ᠰᠢᠢᠳᠪᠦᠷᠢᠯᠡᠬᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠶᠢ ᠢᠮᠠᠭᠲᠠ | ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ︽ | ᠰᠢᠢᠳᠪᠦᠷᠢᠯᠡᠭᠳᠡᠬᠦᠢ ᠰᠡᠳᠬᠢᠬᠦᠢ︾ ᠪᠠᠷ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ | ᠰᠢᠢᠳᠪᠦᠷᠢᠯᠡᠵᠦ ᠪᠠᠶᠢᠨ᠎ᠠ ᠃ ᠰᠠᠭᠤᠭᠠᠯᠢ ᠠᠷᠠᠳ ᠤᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠳᠤ | ᠴᠢᠭᠯᠡᠭᠦᠯᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠣᠯᠠᠨ ᠡᠰᠢᠲᠦ | ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠥᠷᠰᠢ ᠵᠡᠷᠭᠡᠯᠡᠳᠡᠭᠡ ᠶᠢᠨ ᠲᠥᠬᠦᠮ ᠵᠢᠭᠤᠷᠠᠯᠳᠤᠭᠠᠨ ᠢ | ᠠᠷᠠᠳ ᠤᠨ ᠡᠶᠡᠳᠡᠭᠦᠯᠦᠭᠴᠢ ᠲᠡᠷᠡ ᠳᠠᠷᠤᠶ ᠳᠤᠨᠢ ᠡᠶᠡᠳᠡᠭᠦᠯᠬᠦ ᠳᠤ ᠤᠷᠤᠯᠴᠠᠵᠤ᠂ ᠨᠠᠷᠢᠨ ᠪᠤᠳᠤᠯᠢᠶᠠᠨᠲᠠᠢ ᠵᠥᠷᠢᠴᠡᠯ | ᠵᠢᠭᠤᠷᠠᠯᠳᠤᠭᠠᠨ ᠳᠤ ︽ᠴᠠᠭᠳᠠᠭ᠎ᠠ ᠪᠠ ᠡᠶᠡᠳᠡᠭᠦᠯᠭᠡ ᠶᠢ ᠵᠣᠯᠭᠠᠭᠤᠯᠬᠤ︾᠂ ︽ᠵᠠᠷᠭᠤᠯᠳᠤᠬᠤ ᠪᠠ ᠡᠶᠡᠳᠡᠬᠦᠯᠬᠦ ᠶᠢ | ᠵᠣᠯᠭᠠᠭᠤᠯᠬᠤ︾ ᠲᠣᠭᠲᠠᠴᠠ ᠶᠢ ᠡᠬᠢᠯᠡᠭᠦᠯᠵᠦ᠂ ᠰᠢᠢᠳᠪᠦᠷᠢᠯᠡᠯ ᠤᠨ ᠬᠠᠮᠲᠤᠷᠠᠯ ᠬᠦᠴᠦᠨ ᠢ ᠪᠦᠷᠢᠯᠳᠦᠭᠦᠯᠪᠡ᠃ | ᠲᠥᠪ ᠢ ᠦᠨᠡᠨ ᠬᠦ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠬᠦ ᠦᠢᠯᠡᠴᠢᠯᠡᠭᠡᠨ ᠤ ᠥᠷᠲᠡᠭᠡ | ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠡᠴᠦᠰ ᠤᠨ ᠴᠡᠭ ᠪᠣᠯᠭᠠᠨ ᠪᠠᠶᠢᠭᠤᠯᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠦᠨᠳᠦᠰᠦᠨ ᠱᠠᠲᠤᠨ ᠤ ︽ᠪᠠᠲᠤᠴᠠᠭᠠᠨ ︾ ᠤ ᠦᠵᠡᠮᠵᠢ ᠶᠢ ᠵᠢᠷᠤᠭᠯᠠᠭᠰᠠᠨ ᠪᠠᠶᠢᠨ᠎ᠠ᠃ | | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠶᠡᠷᠦᠩᠬᠡᠶᠢᠯᠡᠨ ᠵᠠᠰᠠᠬᠤ ᠲᠥᠪ 2024 ᠣᠨ ᠤ 10 ᠰᠠᠷ᠎ᠠ ᠳᠤ ᠲᠠᠰ ᠳᠡᠪᠰᠢᠭᠦᠯᠦᠨ ᠥᠭᠡᠷᠡᠴᠢᠯᠡᠬᠦ ᠶᠢ | ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠵᠠᠬᠢᠳᠠᠯ | ᠰᠤᠷᠪᠤᠯᠵᠢᠯᠠᠭ᠎ᠠ ᠵᠡᠷᠭᠡ ᠬᠦᠴᠦᠨ ᠢ ᠭᠤᠤᠯᠳᠠᠯᠭ᠎ᠠ ᠲᠠᠢ ᠨᠢᠭᠡᠳᠦᠯᠲᠡᠶ ᠲᠥᠯᠥᠪᠯᠡᠨ᠂ ︽ᠨᠢᠭᠡ ᠴᠤᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ᠂ ᠲᠦᠷᠦᠯ ᠬᠤᠪᠢᠶᠠᠨᠰᠢᠢᠳᠪᠦᠷᠢᠯᠡᠬᠦ᠂ ᠬᠤᠯᠪᠣᠭᠠᠯᠠᠨ ᠬᠦᠳᠡᠯᠦᠯᠴᠡᠵᠦ | ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠣᠯᠠᠨ ᠲᠦᠮᠡᠨ ᠤ ︽ᠣᠯᠠᠨ ᠲᠠᠯ᠎ᠠ ᠪᠠᠷ ᠭᠦᠶᠦᠬᠦ᠂ | ᠳᠠᠬᠢᠨ ᠳᠠᠪᠲᠠᠨ ᠭᠦᠶᠦᠬᠦ︾ ᠠᠰᠠᠭᠤᠳᠠᠯ ᠠᠴᠠ ᠵᠠᠶᠢᠯᠠᠰᠬᠢᠪᠠ᠃ ᠲᠥᠪ ᠲᠤ 17 ᠪᠠᠶᠢᠭᠤᠯᠭ᠎ᠠ ᠨᠢᠭᠡᠴᠡ ᠤᠷᠤᠵᠤ | ᠰᠠᠭᠤᠨ᠂ ᠡᠭᠦᠨ ᠳᠤ 7 ᠪᠠᠶᠢᠭᠤᠯᠭ᠎ᠠ ᠨᠢᠭᠡᠴᠡ ᠨᠢ ᠪᠠᠶᠢᠩᠭᠤ ᠰᠠᠭᠤᠵᠤ᠂ 10 ᠪᠠᠶᠢᠭᠤᠯᠭ᠎ᠠ ᠨᠢᠭᠡᠴᠡ ᠨᠢ | ᠡᠭᠡᠯᠵᠢᠯᠡᠨ ᠰᠠᠭᠤᠬᠤ ᠪᠤᠶᠤ ᠲᠠᠭᠠᠵᠤ ᠰᠠᠭᠤᠨ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠲᠤᠰᠠᠯᠠᠮᠵᠢ᠂ | ᠬᠠᠤᠯᠢ ᠴᠠᠭᠠᠵᠠ ᠶᠢᠨ ᠡᠶᠡᠳᠡᠭᠦᠯᠭᠡ ᠵᠡᠷᠭᠡ ᠴᠣᠩᠬᠤᠪᠴᠢ᠂ ᠡᠶᠡᠳᠡᠭᠦᠯᠭᠡ ᠶᠢᠨ ᠲᠠᠰᠤᠭ᠂ ᠬᠠᠤᠯᠢ ᠴᠠᠭᠠᠵᠠ ᠶᠢᠨ | ᠯᠠᠪᠯᠠᠭ᠎ᠠ ᠶᠢᠨ ᠲᠠᠰᠤᠭ ᠵᠡᠷᠭᠡ 6 ᠴᠢᠳᠠᠮᠵᠢᠳᠤ ᠲᠠᠰᠤᠭ ᠲᠠᠢ ᠪᠠᠶᠢᠵᠤ᠂ ︽ᠨᠢᠭᠡ ᠴᠣᠭᠴᠠᠵᠢᠭᠤᠯᠤᠭᠰᠠᠨ᠂ ᠣᠯᠠᠨ | ᠡᠰᠢᠵᠢᠭᠦᠯᠦᠭᠰᠡᠨ᠂ ᠲᠤᠰᠬᠠᠶᠢᠵᠢᠭᠤᠯᠤᠭᠰᠠᠨ᠂ ᠳᠥᠭᠦᠮᠴᠢᠯᠡᠭᠰᠡᠨ︾ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠬᠡᠯᠬᠢᠶ᠎ᠡ ᠶᠢ ᠪᠠᠶᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ︽ᠰᠠᠯᠠᠭ᠎ᠠ | ᠮᠥᠴᠢᠷ ᠢ ᠡᠷᠢᠬᠦ︾ ᠪᠠᠶᠢᠭᠰᠠᠨ ᠠᠴᠠ ︽ᠲᠥᠪ ᠡᠷᠢᠬᠦ︾ ᠪᠤᠯᠭᠠᠵᠤ᠂ ︽ᠣᠯᠠᠨ ᠭᠠᠵᠠᠷ ᠲᠤ ᠭᠦᠶᠦᠬᠦ︾ ᠠᠴᠠ | ︽ ᠨᠢᠬᠡ ᠦᠷᠳᠡᠭᠡ ᠳᠤ ᠬᠦᠷᠬᠦ︾ ᠲᠡᠰᠢ ᠬᠤᠪᠢᠷᠠᠭᠤᠯᠬᠤ ᠶᠢ ᠠᠬᠢᠭᠤᠯᠪᠠ᠃ | ᠪᠦᠷᠢᠳᠬᠡᠯ ᠢ ᠦᠨᠳᠦᠰᠦᠯᠡᠪᠡᠯ᠂ 2024 ᠣᠨ ᠳᠤ ᠠᠵᠢᠯᠯᠠᠭᠰᠠᠨ ᠠᠴᠠ ᠨᠠᠰᠢ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ | ᠨᠡᠶᠢᠲᠡ 313 ᠤᠳᠠᠭ᠎ᠠ ᠭᠥᠯᠢᠶᠡᠨ ᠠᠪᠴᠤ᠂ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ 60 % ᠳᠤ | ᠬᠦᠷᠴᠡᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠵᠠᠰᠠᠬᠤ | ᠲᠥᠪ ᠤᠨ ᠡᠷᠬᠢᠯᠡᠭᠴᠢ ᠴᠧᠨ ᠢᠦᠶ ᠹᠧᠩ ᠢᠯᠡᠷᠬᠡᠶᠢᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠪᠢᠳᠡ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠠᠵᠢᠯ ᠤᠨ | ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠲᠠᠳ ᠮᠣᠩᠭᠤᠯ ᠬᠤᠤᠰ ᠬᠡᠯᠡᠨ ᠤ ᠤᠬᠠᠭᠤᠯᠭ᠎ᠠ ᠶᠢᠨ | ᠳᠡᠪᠲᠡᠷ᠂ ᠰᠢᠨ᠎ᠡ ᠵᠠᠭᠤᠴᠢᠯᠠᠭᠤᠷ ᠢᠶᠠᠷ ᠳᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ | ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠠᠩ ᠣᠯᠠᠨ ᠠᠷᠠᠳ ᠢᠷᠭᠡᠳ ᠲᠤ ︿ᠵᠥᠷᠢᠴᠡᠯ ᠵᠢᠭᠤᠷᠠᠯᠳᠤᠭᠠᠨ ᠲᠠᠢ | ᠪᠤᠯ ᠲᠥᠪ ᠲᠤ ᠢᠷᠡᠬᠦ ﹀ ᠢ ᠮᠡᠳᠡᠭᠦᠯᠵᠦ᠂ ︿ᠨᠢᠭᠡ ᠥᠷᠲᠡᠭᠡᠨ ᠤ ᠮᠠᠶ᠋ᠢᠭ ᠢᠶᠠᠷ ᠰᠢᠢᠳᠪᠦᠷᠢᠯᠡᠬᠦ﹀ ᠶᠢᠨ ᠲᠥᠬᠦᠮ | ᠨᠥᠬᠦᠴᠡᠯ ᠢ ᠦᠨᠡᠨ ᠬᠦ ᠮᠡᠳᠡᠷᠡᠭᠦᠯᠦᠨ᠎ᠡ︾ ᠭᠡᠵᠡᠶ᠃ | | | | | |