ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠯᠢᠶᠠᠩ ᠨᠠᠷ ᠰᠢᠪᠡᠷᠬᠦ᠋ᠷᠢᠶ᠎ᠡ ᠪᠠᠯᠭᠠᠰᠤᠨ ᠳᠤ ᠭᠦᠨᠵᠡᠭᠡᠶᠢᠷᠡᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/14
      3 ᠰᠠᠷ᠎ᠠ ᠶᠢᠨ 12 ᠤᠨ ᠡᠳᠦᠷ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠯᠢᠶᠠᠩ ᠨᠠᠷ ᠰᠢᠪᠡᠷᠬᠦ᠋ᠷᠢᠶ᠎ᠡ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠲᠠᠨ ᠠᠵᠢᠯᠴᠢᠨ ᠤ ᠡᠮᠨᠡᠯᠭᠡ ᠶᠢᠨ ᠬᠤᠷᠢᠶ᠎ᠠ᠂ ᠰᠢᠪᠡᠷᠬᠦ᠋ᠷᠢᠶ᠎ᠡ ᠪᠠᠯᠭᠠᠰᠤᠨ ᠲᠦᠪ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠢᠴᠢ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠰᠢᠪᠡᠷᠬᠦ᠋ᠷᠢᠶ᠎ᠡ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠪᠢᠯᠢᠭᠦᠨ᠂ ᠰᠢᠪᠡᠷᠬᠦ᠋ᠷᠢᠶ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠪᠡᠷᠬᠦ᠋ᠷᠢᠶ᠎ᠡ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠠᠵᠢᠯᠲᠠᠨ ᠠᠵᠢᠯᠴᠢᠨ ᠤ ᠡᠮᠨᠡᠯᠭᠡ ᠶᠢᠨ ᠬᠤᠷᠢᠶ᠎ᠠ ᠪᠣᠯᠤᠨ ᠰᠢᠪᠡᠷᠬᠦ᠋ᠷᠢᠶ᠎ᠡ ᠪᠠᠯᠭᠠᠰᠤᠨ ᠲᠦᠪ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠰᠠᠭᠤᠷᠢ ᠲᠥᠬᠦᠭᠡᠷᠦᠮᠵᠢ ᠶᠢᠨ ᠲᠣᠬᠢᠷᠠᠭᠤᠯᠤᠯᠲᠠ ᠪᠣᠯᠤᠨ ᠬᠡᠷᠡᠭᠯᠡᠯᠲᠡ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠣᠨᠣᠰᠢᠯᠠᠨ ᠡᠮᠨᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠠᠴᠠ ᠡᠪᠡᠳᠴᠢᠲᠡᠨ ᠤ ᠦᠷᠦᠭᠡ ᠶᠢᠨ ᠣᠷᠴᠢᠨ ᠲᠣᠭᠤᠷᠢᠨ ᠤ ᠨᠥᠬᠦᠴᠡᠯ  ᠬᠦᠷᠳᠡᠯ᠎ᠡ ᠨᠢᠭᠡᠳ ᠨᠢᠭᠡ ᠪᠠᠷ ᠪᠠᠶᠢᠴᠠᠭᠠᠨ ᠦᠵᠡᠪᠡ᠃ ᠡᠮᠴᠢ ᠰᠤᠪᠢᠯᠠᠭᠴᠢᠳ ᠲᠠᠢ ᠰᠠᠨᠠᠯ ᠢᠶᠠᠨ ᠰᠣᠯᠢᠯᠴᠠᠬᠤ ᠳᠤᠮᠳᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠵᠤ᠂ ᠡᠭᠦᠨ ᠳᠤ ᠠᠵᠢᠯᠲᠠᠨ ᠤ ᠣᠷᠣᠨ ᠲᠤᠭ᠎ᠠ᠂ ᠲᠤᠰᠬᠠᠶ ᠮᠡᠷᠭᠡᠵᠢᠯ ᠤᠨ ᠪᠣᠯᠪᠠᠰᠤᠷᠠᠯ ᠵᠢᠴᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠴᠢᠷᠳᠡᠯ ᠪᠠᠭᠳᠠᠨ᠎ᠠ᠃      ᠡᠭᠦᠨ ᠤ ᠬᠠᠮᠲᠤ᠂ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠦᠨᠳᠦᠰᠦᠨ ᠡᠮᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ᠂ ᠡᠷᠡᠭᠦᠯ ᠬᠠᠮᠠᠭᠠᠯᠠᠯ ᠤᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ᠂ ᠠᠵᠢᠯᠲᠠᠨ ᠤ ᠬᠠᠷᠠᠭᠠᠯᠵᠠᠯ ᠤᠨ ᠪᠠᠲᠤᠯᠠᠭ᠎ᠠ ᠵᠢᠴᠢ ᠡᠮᠴᠢᠯᠡᠭᠡᠨ ᠤ ᠣᠷᠣᠯᠭ᠎ᠠ ᠶᠢᠨ ᠪᠦᠷᠢᠯᠳᠦᠯ ᠢ ᠭᠦᠨᠵᠡᠭᠡᠶ ᠣᠶᠢᠯᠠᠭᠠᠪᠠ᠃ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠳᠤ ᠴᠢᠭᠯᠡᠭᠦᠯᠦᠨ᠂ ᠵᠢᠱᠢᠶᠡᠯᠡᠪᠡᠯ ᠡᠮ ᠤᠨ ᠵᠦᠢᠯᠡᠰ ᠤᠨ ᠬᠠᠩᠭᠠᠯᠭ᠎ᠠ ᠬᠦᠷᠦᠯᠴᠡᠬᠦ ᠦᠭᠡᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠤᠴᠣᠷᠤᠩᠭᠤᠢ ᠪᠠᠶᠢᠬᠤ ᠵᠡᠷᠭᠡ ᠠᠰᠠᠭᠤᠳᠠᠯ ᠳᠤ ᠲᠤᠬᠠᠢ ᠶᠢᠨ ᠲᠠᠯᠠᠪᠤᠷ ᠲᠤᠨᠢ ᠶᠠᠷᠢᠯᠴᠠᠨ ᠵᠠᠳᠠᠯᠤᠯᠲᠠ ᠬᠢᠪᠡ᠃      ᠳᠡᠳ᠋ ᠬᠤᠰᠢᠭᠤᠨ ᠳᠠᠷᠤᠭ᠎ᠠ ᠯᠢᠦ ᠯᠢᠶᠠᠩ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠪᠤᠭᠤᠲᠤ ᠬᠤᠲᠠ ᠶᠢᠨ ᠡᠮᠴᠢᠯᠡᠭᠡᠨ ᠤ ᠥᠨᠳᠦᠷᠯᠢᠭ ᠢ ᠪᠠᠶᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠬᠤᠰᠢᠭᠤᠨ ᠳᠣᠲᠣᠷᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠬᠢᠭᠡᠳ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠭᠦᠨᠵᠡᠭᠡᠶ ᠬᠠᠮᠲᠤᠷᠠᠯᠴᠠᠭ᠎ᠠ ᠶᠢ ᠪᠡᠶᠡᠯᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠡᠨ ᠬᠦ ᠦᠨᠳᠦᠰᠦᠨ ᠱᠠᠲᠤᠨ ᠳᠤ  ᠬᠦᠷᠭᠡᠬᠦ ᠬᠡᠷᠡᠭᠳᠠᠢ ᠭᠡᠪᠡ ᠃      ᠲᠠᠷᠠᠭᠠᠴᠢ ᠶᠢᠨ ᠠᠯᠬᠤᠮ ᠳᠤ ᠰᠢᠪᠡᠷᠬᠦ᠋ᠷᠢᠶ᠎ᠡ ᠪᠠᠯᠭᠠᠰᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠡᠷᠡᠭᠦᠯ ᠬᠠᠮᠠᠭᠠᠯᠠᠯ ᠤᠨ ᠲᠠᠰᠤᠭ ᠤᠨ ᠤᠨᠴᠠᠯᠢᠭᠳᠤ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠲᠥᠬᠦᠭᠡᠷᠦᠮᠵᠢ ᠳᠠᠬᠢ ᠣᠷᠣᠭᠤᠯᠤᠯᠲᠠ ᠶᠢ  ᠨᠡᠮᠡᠭᠳᠡᠬᠦᠯᠦᠨ᠂ ᠡᠪᠡᠳᠴᠢᠨ ᠦᠵᠡᠭᠦᠯᠬᠦ ᠣᠷᠴᠢᠨ ᠲᠣᠭᠤᠷᠢᠨ ᠢ  ᠰᠠᠶᠢᠵᠢᠷᠠᠭᠤᠯᠵᠤ ᠂ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠬᠤ ᠶᠢ ᠴᠢᠩᠭᠠᠳᠬᠠᠨ᠂ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ ᠬᠠᠮᠢᠶᠠᠷᠤᠯᠲᠠ ᠶᠢᠨ ᠴᠤᠪᠤᠷᠠᠯ ᠢ ᠰᠢᠯᠢᠳᠡᠭᠵᠢᠬᠦᠯᠦᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号