ᠮᠠᠨᠳᠤᠯ ᠪᠠᠯᠭᠠᠰᠤᠨ ᠤ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠨᠢ ᠰᠣᠶᠣᠯ ᠤᠨ | ᠠᠭᠤᠰᠤᠯᠴᠠᠯ ᠪᠠ ᠪᠦᠯᠬᠦᠮᠳᠡᠯ ᠤᠨ ᠬᠦᠴᠦᠨ ᠢ ᠢᠯᠡᠷᠡᠬᠦᠯᠪᠡ | ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ᠂ ᠡᠷᠬᠡ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠬᠠᠮᠲᠤ ᠦᠨᠳᠦᠰᠦᠲᠡᠨ ᠤ ᠪᠦᠯᠬᠦᠮᠳᠡᠯ ᠪᠠ ᠰᠣᠶᠣᠯ ᠤᠨ ᠠᠭᠤᠰᠤᠯᠴᠠᠯ ᠢ ᠠᠬᠢᠭᠤᠯᠬᠤ ᠶᠢᠨ | ᠲᠥᠯᠥᠭᠡ᠂ 3 ᠰᠠᠷ᠎ᠠ ᠶᠢᠨ 13 ᠤ ᠡᠳᠦᠷ᠂ ᠮᠠᠨᠳᠤᠯ ᠪᠠᠯᠭᠠᠰᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠤᠨᠤᠰᠴᠤ᠂ ᠨᠠᠮ ᠢᠶᠠᠨ ᠳᠠᠭᠠᠬᠤ︾ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ | ᠥᠷᠨᠢᠭᠦᠯᠪᠡ᠃ | ᠠᠵᠢᠯᠯᠠᠭ᠎ᠠ ᠳᠤᠮᠳᠠ᠂ 3.15 ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠠᠵᠢᠯᠯᠠᠭ᠎ᠠ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ ᠭᠤᠤᠯ ᠰᠡᠳᠦᠪ ᠲᠠᠢ ᠨᠢᠭᠲᠠ | ᠤᠶᠠᠯᠳᠤᠭᠤᠯᠵᠤ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠯᠢᠭ ᠤᠨ ᠬᠡᠯᠪᠡᠷᠢ ︽ᠬᠤᠯᠪᠣᠭ᠎ᠠ︾ ᠪᠠᠷ | ᠳᠠᠮᠵᠢᠭᠤᠯᠤᠨ᠂ ᠣᠯᠠᠨ ᠲᠦᠮᠡᠨ ᠳᠤ ᠡᠷᠬᠡ ᠪᠠᠨ ᠬᠠᠮᠠᠭᠠᠯᠠᠬᠤ ᠮᠡᠳᠡᠯᠭᠡ ᠶᠢ ᠰᠢᠨ᠎ᠡ ᠡᠭᠦᠳᠡᠯᠳᠡ ᠪᠠᠷ | ᠲᠦᠭᠡᠮᠡᠯᠵᠢᠬᠦᠯᠵᠦ ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠠᠮᠢᠳᠤᠯᠢᠭ ᠪᠥᠭᠡᠳ ᠰᠣᠨᠢᠷᠬᠠᠯᠲᠠᠶ ᠳᠠᠮᠵᠢᠭᠤᠯᠪᠠ᠃ | ᠠᠮᠢᠳᠤᠯᠢᠭ ᠬᠡᠷᠡᠭ ᠤᠨ ᠵᠢᠱᠢᠶ᠎ᠡ ᠪᠠ ᠤᠷᠠᠯᠢᠭ ᠤᠨ ᠲᠣᠭᠯᠠᠯᠲᠠ ᠪᠠᠷ ᠳᠠᠮᠵᠢᠭᠤᠯᠤᠨ᠂ ᠨᠠᠮ ᠤᠨ ᠤᠳᠤᠷᠢᠳᠤᠯᠭ᠎ᠠ | ᠳᠣᠤᠷᠠᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠥᠬᠡᠶ | ᠳᠡᠭᠡᠭᠰᠢᠯᠡᠵᠦ ᠪᠠᠶᠢᠭ᠎ᠠ ᠪᠠ ᠬᠠᠤᠯᠢ ᠶᠣᠰᠣᠨ ᠤ ᠡᠷᠬᠡ ᠠᠰᠢᠭ ᠢ ᠨᠢ ᠪᠦᠲᠦᠮᠵᠢᠲᠡᠶ ᠪᠠᠳᠤᠯᠠᠵᠤ ᠪᠠᠶᠢᠭ᠎ᠠ ᠶᠢ | ᠢᠯᠡᠷᠡᠬᠦᠯᠪᠡ᠃ | ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠦᠵᠡᠭᠴᠢᠳ ᠢᠯᠡᠳᠬᠡᠵᠡᠭᠡᠪᠡ᠃ ᠠᠵᠢᠯᠯᠠᠭ᠎ᠠ ᠨᠢ ᠬᠠᠤᠯᠢ | ᠴᠠᠭᠠᠵᠠ ᠶᠢᠨ ᠤᠬᠠᠭᠤᠯᠭ᠎ᠠ ᠶᠢ ᠤᠯᠠᠨ ᠲᠦᠮᠡᠨ ᠲᠠᠢ ᠨᠡᠩ ᠣᠶᠢᠷᠠᠲᠤᠭᠤᠯᠤᠭᠰᠠᠨ ᠢᠶᠠᠷ ᠪᠠᠷᠠᠬᠤ ᠦᠭᠡᠢ ᠪᠠᠰᠠ | ᠦᠨᠳᠦᠰᠦᠲᠡᠨ ᠨᠦᠭᠦᠳ ᠤᠨ ᠤᠯᠠᠨ ᠲᠦᠮᠡᠨ ᠪᠠᠷ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ | ᠴᠣᠭᠴᠠ ᠶᠢᠨ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠪᠦᠯᠬᠦᠮᠳᠡᠨ ᠲᠡᠮᠡᠴᠡᠬᠦ ᠬᠦᠴᠦᠨ ᠴᠢᠳᠠᠯ ᠢ ᠤᠯᠠᠮ | ᠨᠢᠭᠡ ᠠᠯᠬᠤᠮ ᠨᠢᠭᠲᠠᠷᠠᠭᠤᠯᠪᠠ᠃ | ᠳᠠᠷᠠᠭᠠᠴᠢ ᠶᠢᠨ ᠠᠯᠬᠤᠮ ᠳᠤ᠂ ᠮᠠᠨᠳᠤᠯ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ | ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃ |