ᠬᠥᠬᠡᠬᠤᠲᠠ ᠶᠢᠨ ᠬᠡᠦᠬᠡᠳ ᠦᠰᠭᠡᠨ ᠪᠤᠶᠢᠵᠢᠭᠤᠯᠬᠤ ᠨᠥᠬᠦᠪᠥᠷᠢ ᠦᠭᠭᠦ ᠬᠡᠷᠡᠭᠵᠢᠭᠦᠯᠬᠦ ᠨᠠᠷᠢᠨ ᠲᠦᠷᠢᠮ᠄ ᠨᠢᠭᠡ  ᠬᠡᠦᠬᠡᠳ  ᠠᠪᠤᠪᠠᠯ 1 ᠲᠦᠮᠡᠨ ᠲᠥᠭᠦᠷᠢᠭ ᠤᠨ  ᠨᠥᠬᠦᠪᠥᠷᠢ  ᠥᠭᠴᠦ᠂  ᠬᠤᠶᠠᠷ  ᠬᠡᠦᠬᠡᠳ ᠠᠪᠤᠪᠠᠯ 5 ᠲᠦᠮᠡᠨ ᠲᠥᠭᠦᠷᠢᠭ  ᠤᠨ  ᠨᠥᠬᠦᠪᠥᠷᠢ  ᠥᠭᠴᠦ᠂  ᠭᠤᠷᠪᠠᠨ  ᠬᠡᠦᠬᠡᠳ ᠠᠪᠤᠪᠠᠯ 10 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ
ᠨᠡᠶᠢᠲᠡᠯᠡᠭᠰᠡᠨ ᠴᠠᠭ᠄
2025/3/17
      ︽ᠬᠥᠮᠦᠨ ᠠᠮᠠ ᠶᠢᠨ ᠲᠥᠪᠯᠡᠷᠡᠯ ᠢ ᠠᠬᠢᠭᠤᠯᠵᠤ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠥᠬᠡᠬᠤᠲᠠ  ᠶᠢᠨ ᠠᠷᠠᠳ ᠤᠨ ᠵᠠᠰᠠᠭ  ᠤᠨ ᠣᠷᠳᠣᠨ  ᠤ ᠬᠡᠷᠡᠭᠵᠢᠭᠦᠯᠬᠦ ᠰᠠᠨᠠᠯ︾      ︵ᠬᠥᠬᠡᠬᠤᠲᠠ ᠵᠠᠰᠠᠭ ᠲᠠᠷᠬᠠᠭᠠᠭᠰᠠᠨ〔 2025〕7 ᠳ᠋ᠤᠭᠠᠷ ᠲᠣᠭᠠᠲᠤ︶ ᠬᠡᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠡᠦᠬᠡᠳ ᠦᠰᠭᠡᠨ ᠪᠤᠶᠢᠵᠢᠭᠤᠯᠬᠤ ᠨᠥᠬᠦᠪᠥᠷᠢ ᠦᠭᠭᠦ ᠬᠡᠷᠡᠭᠵᠢᠭᠦᠯᠬᠦ ᠨᠠᠷᠢᠨ ᠲᠦᠷᠢᠮ ᠳᠤᠤᠷᠠᠬᠢ ᠮᠡᠲᠦ᠄ᠨᠢᠭᠡ᠂ ᠡᠳ᠋ᠯᠡᠬᠦ ᠨᠥᠬᠦᠴᠡᠯ      1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ︾ ᠤᠨ ᠲᠣᠭᠲᠠᠭᠠᠯ ᠳᠤ ᠨᠡᠶᠢᠴᠡᠬᠦᠯᠦᠨ ᠠᠪᠤᠬᠰᠠᠨ ᠬᠡᠦᠬᠡᠳ︔      2. 2025 ᠣᠨ ᠤ 3 ᠰᠠᠷ᠎ᠠ ᠶᠢᠨ 1 ᠤ ᠡᠳᠦᠷ ᠠᠴᠠ ᠬᠤᠶᠢᠰᠢ ︵3 ᠰᠠᠷ᠎ᠠ ᠶᠢᠨ 1 ᠤ ᠡᠳᠦᠷ ᠪᠠᠭᠲᠠᠨ᠎ᠠ ︶ ᠬᠠᠤᠯᠢ ᠶᠣᠰᠣᠭᠠᠷ ᠬᠡᠦᠬᠡᠳ ᠠᠪᠤᠭᠰᠠᠨ ᠬᠡᠷ ᠪᠦᠯᠢ︔      3. ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠲᠠᠩᠰᠠ ᠨᠢ ᠴᠥᠮ ᠬᠥᠬᠡᠬᠤᠲᠠ ᠳᠤ ᠪᠠᠶᠢᠬᠤ ᠪᠤᠶᠤ ᠨᠢᠭᠡ ᠲᠠᠯ᠎ᠠ ᠶᠢᠨ ᠡᠷᠦᠬᠡ ᠠᠮᠠ ᠶᠢᠨ ᠲᠠᠩᠰᠠ ᠨᠢ ᠬᠥᠬᠡᠬᠤᠲᠠ ᠳᠤ ᠪᠠᠶᠢᠵᠤ᠂ ᠬᠥᠬᠡᠬᠤᠲᠠ ᠳᠤ ᠣᠷᠣᠰᠢᠨ ᠰᠠᠭᠤᠵᠤ ᠂ ᠠᠵᠢᠯᠯᠠᠵᠤ᠂ ᠠᠮᠢᠳᠤᠷᠠᠳᠠᠭ ᠪᠦᠭᠡᠳ ᠬᠥᠮᠦᠨ᠂ ᠬᠡᠷ ᠪᠠᠶᠢᠰᠢᠩ᠂ ᠡᠷᠦᠬᠡ ᠠᠮᠠ ᠨᠢ ᠨᠢᠭᠡᠳᠦᠯᠲᠡᠶ ᠪᠠᠶᠢᠬᠤ ᠭᠡᠷᠡᠭᠳᠡᠢ ᠮᠥᠷᠲᠡᠭᠡᠨ ᠪᠠᠰᠠ ᠰᠠᠶ᠋ᠢ ᠲᠥᠷᠥᠭᠰᠡᠨ ᠬᠡᠦᠬᠡᠳ ᠨᠢ ᠠᠩᠬ᠎ᠠ ᠤᠳᠠᠭ᠎ᠠ ᠬᠥᠬᠡᠬᠤᠲᠠ ᠳᠤ ᠡᠷᠦᠬᠡ ᠠᠮᠠ ᠤᠷᠤᠬᠰᠠᠨ ᠪᠠᠶᠢᠬᠤ ᠬᠡᠷᠡᠭᠳᠡᠢ᠃      ᠬᠤᠶᠠᠷ᠂ ᠨᠥᠬᠦᠪᠥᠷᠢ ᠦᠭᠭᠦ ᠪᠠᠷᠢᠮᠵᠢᠶ᠎ᠠ      1. ᠨᠢᠭᠡ ᠬᠡᠦᠬᠡᠳ ᠠᠪᠤᠪᠠᠯ ᠨᠢᠭᠡ ᠯᠡ ᠤᠳᠠᠭ᠎ᠠ ᠳᠡᠭᠡᠷ᠎ᠡ 10000 ᠲᠥᠭᠦᠷᠢᠭ ᠤᠨ ᠬᠡᠦᠬᠡᠳ ᠦᠰᠭᠡᠨ ᠪᠤᠶᠢᠵᠢᠭᠤᠯᠬᠤ ᠨᠥᠬᠦᠪᠥᠷᠢ ᠦᠭᠭᠦᠨ᠎ᠡ︔      2. ᠬᠤᠶᠠᠷ ᠬᠡᠦᠬᠡᠳ ᠠᠪᠤᠪᠠᠯ 50000 ᠲᠥᠭᠦᠷᠢᠭ ᠤᠨ ᠬᠡᠦᠬᠡᠳ ᠦᠰᠭᠡᠨ ᠪᠤᠶᠢᠵᠢᠭᠤᠯᠬᠤ ᠨᠥᠬᠦᠪᠥᠷᠢ ᠦᠭᠭᠦᠨ᠎ᠡ᠂ ᠬᠡᠬᠦ ᠳᠡᠭᠡᠨ ᠵᠢᠯ ᠪᠦᠷᠢ 10000 ᠲᠥᠭᠦᠷᠢᠭ ᠢᠶᠠᠷ ᠪᠦᠬᠦᠯᠢ 5 ᠨᠠᠰᠤ ᠬᠦᠷᠲᠡᠯ᠎ᠡ ᠦᠭᠭᠦᠨ᠎ᠡ︔      3. ᠭᠤᠷᠪᠠᠨ ᠬᠡᠦᠬᠡᠳ ᠠᠪᠬᠤ ᠵᠢᠴᠢ ᠲᠡᠭᠦᠨ ᠠᠴᠠ ᠳᠡᠭᠡᠭᠰᠢ ᠬᠡᠦᠬᠡᠳ ᠠᠪᠤᠪᠠᠯ ᠬᠡᠦᠬᠡᠳ ᠦᠰᠭᠡᠨ ᠪᠤᠶᠢᠵᠢᠭᠤᠯᠬᠤ ᠨᠥᠬᠦᠪᠥᠷᠢ 10000 ᠲᠥᠭᠦᠷᠢᠭ ᠦᠭᠭᠦᠨ᠎ᠡ᠂ ᠬᠡᠬᠦ ᠳᠡᠭᠡᠨ ᠵᠢᠯ ᠪᠦᠷᠢ10000 ᠲᠥᠭᠦᠷᠢᠭ ᠢᠶᠠᠷ ᠪᠦᠬᠦᠯᠢ 10 ᠨᠠᠰᠤ ᠬᠦᠷᠲᠡᠯ᠎ᠡ ᠦᠭᠭᠦᠨ᠎ᠡ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号