ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 13 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠯᠢ ᠰᠢᠨ ᠫᠢᠩ︶ ᠰᠤᠷᠪᠤᠯᠵᠢᠯᠠᠭᠴᠢ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠤᠶᠢᠯᠠᠭᠠᠬᠰᠠᠨ ᠢᠶᠠᠷ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ | ᠤᠯᠤᠰ ᠤᠨ ᠲᠡᠮᠦᠷ ᠵᠠᠮ ᠨᠡᠶᠢᠲᠡ 6.22 ᠳ᠋ᠦᠩᠰᠢᠭᠤᠷ ᠲᠣᠨ ᠪᠠᠷᠠᠭ᠎ᠠ ᠶᠠᠪᠤᠭᠤᠯᠵᠤ᠂ ᠠᠳᠠᠯᠢ ᠬᠤᠭᠤᠴᠠᠭᠠᠨ ᠠᠴᠠ | ᠪᠠᠨ 2% ᠢᠶᠠᠷ ᠨᠡᠮᠡᠭᠳᠡᠪᠡ︔ ᠡᠳᠦᠷ ᠳᠤᠮᠳᠠᠴᠢ ᠪᠠᠷ 17.5 ᠲᠦᠮᠡᠨ ᠲᠡᠷᠭᠡ ᠰᠡᠪᠡᠯᠡᠵᠦ᠂ ᠠᠳᠠᠯᠢ | ᠬᠤᠭᠤᠴᠠᠭᠠᠨ ᠤ ᠬᠢ ᠠᠴᠠ ᠪᠠᠨ 3.5% ᠪᠠᠷ ᠨᠡᠮᠡᠭᠳᠡᠪᠡ᠃ | ᠴᠠᠬᠢᠯᠭᠠᠨ ᠭᠠᠷᠭᠠᠵᠤ ᠳᠤᠯᠠᠭᠠᠯᠠᠭ᠎ᠠ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠲᠡᠭᠡᠭᠡᠪᠦᠷᠢ ᠶᠢ ᠬᠦᠴᠦᠲᠡᠶ | ᠪᠠᠲᠤᠯᠠᠪᠠ᠃ 1 ᠠᠴᠠ 2 ᠰᠠᠷ᠎ᠠ ᠳᠤ᠂ ᠤᠯᠤᠰ ᠤᠨ ᠲᠡᠮᠦᠷ ᠵᠠᠮ 3.01 ᠳ᠋ᠦᠩᠰᠢᠭᠤᠷ ᠲᠣᠨ ᠨᠡᠭᠦᠷᠡᠰᠦ ᠬᠦᠷᠭᠡᠵᠦ | ᠂ ᠡᠭᠦᠨ ᠳᠤ 2.32 ᠳ᠋ᠦᠩᠰᠢᠭᠤᠷ ᠲᠣᠨ ᠴᠠᠬᠢᠯᠭᠠᠨ ᠭᠠᠷᠭᠠᠬᠤ ᠨᠡᠭᠦᠷᠡᠰᠦ ᠪᠠᠶᠢᠵᠤ᠂ ᠲᠡᠮᠦᠷ ᠵᠠᠮ ᠤᠨ ᠰᠢᠭᠤᠳ | ᠴᠠᠬᠢᠯᠭᠠᠨ ᠬᠠᠩᠭᠠᠬᠤ ᠦᠢᠯᠡᠳᠪᠦᠷᠢ ᠶᠢᠨ ᠨᠡᠭᠦᠷᠡᠰᠦᠨ ᠤ ᠬᠠᠳᠠᠭᠠᠯᠠᠯᠲᠠ ᠶᠢᠨ ᠨᠡᠯᠢᠶᠡᠳ ᠥᠨᠳᠥᠷ ᠲᠦᠪᠰᠢᠨ ᠳᠤ | ᠪᠠᠶᠢᠬᠤ ᠶᠢ ᠪᠠᠲᠤᠯᠠᠪᠠ᠃ | ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠢᠯᠡᠳᠲᠡ ᠦᠷ᠎ᠡ ᠪᠦᠲᠦᠮᠵᠢ | ᠤᠯᠪᠠ᠃ ᠴᠠᠭᠠᠨ ᠰᠠᠷ᠎ᠠ ᠶᠢᠨ ᠳᠠᠷᠠᠭ᠎ᠠ᠂ ᠲᠡᠮᠦᠷ ᠵᠠᠮ ᠤᠨ ᠰᠠᠯᠠᠭ᠎ᠠ ᠮᠥᠴᠢᠷ ᠨᠢ ᠠᠮᠤ ᠪᠤᠳᠠᠭ᠎ᠠ ᠪᠠ ᠬᠠᠪᠤᠷ ᠤᠨ | ᠲᠠᠷᠢᠶᠠᠯᠠᠭ᠎ᠠ ᠶᠢᠨ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠠᠳ | ᠥᠬᠡᠶ ᠨᠡᠪᠲᠡᠷᠡᠬᠦ ᠵᠠᠮ ᠢ ᠨᠡᠭᠡᠭᠡᠵᠦ᠂ ᠥᠨᠳᠥᠷ ᠪᠦᠲᠦᠮᠵᠢᠲᠡᠶ ᠪᠠᠷ ᠬᠦᠷᠭᠡᠬᠦ ᠶᠢ ᠦᠨᠡᠨ ᠬᠦ ᠪᠠᠲᠤᠯᠠᠵᠤ᠂ 2 | ᠰᠠᠷ᠎ᠠ ᠳᠤ ᠠᠮᠤ ᠪᠤᠳᠠᠭ᠎ᠠ᠂ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠦᠷᠭᠡᠭᠰᠡᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ ᠪᠠᠨ ᠲᠣᠰ ᠲᠣᠰ 33.2% ᠪᠠ 2.7% ᠪᠠᠷ ᠨᠡᠮᠡᠭᠳᠡᠪᠡ᠃ | ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ᠃ | ᠪᠠᠷᠠᠭᠠᠨ ᠤ ᠭᠦᠢᠯᠭᠡᠭᠡᠨ ᠤ ᠶᠡᠷᠦᠩᠬᠡᠢ ᠳᠠᠭᠠᠭᠠᠴᠢᠯᠠᠯᠲᠠ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠶᠡᠭᠡ | ᠬᠡᠮᠵᠢᠶᠡᠨ ᠤ ᠪᠠᠷᠠᠭ᠎ᠠ ᠶᠢᠨ ᠲᠡᠭᠡᠭᠡᠪᠦᠷᠢ ᠶᠢᠨ ︽ᠵᠠᠰᠠᠮᠠᠯ ᠵᠠᠮ ᠠᠴᠠ ᠪᠠᠨ ᠲᠡᠮᠦᠷ ᠵᠠᠮ ᠵᠦᠭ ᠰᠢᠯᠵᠢᠬᠦ︾ ᠶᠢ | ᠠᠬᠢᠭᠤᠯᠪᠠ︔ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ 4 ᠲᠡᠭᠡᠭᠡᠪᠦᠷᠢ ᠶᠢᠨ ᠠᠵᠤ ᠠᠬᠤᠶᠢᠯᠠᠯ ᠲᠠᠢ ᠬᠠᠮᠲᠤᠷᠠᠨ ᠴᠢᠩᠭᠡᠯᠢᠭ ᠤᠨ ᠣᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠳᠦᠷᠢᠮ︾ ᠤᠨ ᠲᠡᠭᠡᠭᠡᠪᠦᠷᠢ ᠶᠢᠨ | ᠦᠢᠯᠡᠴᠢᠯᠡᠭᠡ ᠶᠢ ᠬᠠᠮᠲᠤᠷᠠᠨ ᠥᠷᠨᠢᠭᠦᠯᠵᠦ᠂ 9 ᠬᠤᠳᠠᠯᠳᠤᠭᠠᠨ ᠤ ᠪᠠᠩᠬᠢ ᠲᠠᠢ ᠲᠡᠮᠦᠷ ᠵᠠᠮ ᠤᠨ ᠪᠠᠷᠠᠭᠠᠨ ᠤ | ᠭᠦᠢᠯᠭᠡᠭᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠠᠮᠲᠤᠷᠠᠨ ᠥᠷᠨᠢᠭᠦᠯᠪᠡ ᠁ 1 ᠠᠴᠠ 2 ᠰᠠᠷ᠎ᠠ | ᠪᠣᠯᠲᠠᠯ᠎ᠠ᠂ ᠤᠯᠤᠰ ᠤᠨ ᠲᠡᠮᠦᠷ ᠵᠠᠮ ᠤᠨ ᠴᠢᠩᠭᠡᠯᠢᠭ ᠤᠨ ᠲᠡᠭᠡᠭᠡᠪᠦᠷᠢ ᠶᠢᠨ ᠬᠡᠮᠵᠢᠶ᠎ᠡ 1.29 ᠳ᠋ᠦᠩᠰᠢᠭᠤᠷ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 14.6% ᠪᠠᠷ ᠨᠡᠮᠡᠭᠳᠡᠪᠡ᠃ |