3 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ | ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠬᠠᠮᠢᠶ᠎ᠠ ᠪᠦᠬᠦᠢ ᠪᠦᠷᠢᠯᠳᠦᠬᠦᠨ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ | ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ | ᠴᠢᠬᠤᠯᠠ ᠶᠠᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠠᠷᠠᠳᠴᠢᠯᠠᠭᠰᠠᠨ | ᠬᠤᠯᠪᠣᠭ᠎ᠠ ᠶᠢᠨ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠰᠤᠷᠭᠠᠨ ᠬᠥᠮᠦᠵᠢᠯ ᠤᠨ | ᠡᠲᠡᠭᠡᠳ ᠤᠨ ᠭᠡᠰᠢᠭᠦᠳ ᠢ ᠡᠷᠬᠢᠨ ᠦᠵᠡᠬᠦ ᠦᠶ᠎ᠡ ᠶᠢᠨ ᠴᠢᠬᠤᠯᠠ ᠶᠠᠷᠢᠶ᠎ᠠ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠬᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ | ᠰᠠᠨᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ | ᠬᠥᠭᠵᠢᠯᠲᠡ ᠶᠢᠨ ᠪᠠᠶᠢᠳᠠᠯ ᠤᠨ ᠲᠤᠬᠠᠶ ᠵᠠᠳᠠᠯᠤᠯᠲᠠ ᠮᠠᠭᠠᠳᠯᠠᠯᠲᠠ ᠳᠡᠭᠡᠷ᠎ᠡ ᠨᠢᠭᠡᠳᠬᠡᠵᠦ᠂ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠳᠤᠷᠠᠳᠤᠭᠰᠠᠨ ︽ᠠᠷᠪᠠᠨ ᠶᠡᠭᠡ ᠡᠭᠦᠷᠭᠡ︾ ᠲᠠᠢ ᠨᠢᠭᠲᠠ ᠤᠶᠠᠯᠳᠤᠭᠤᠯᠤᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠡᠭᠦᠯ ᠬᠤᠷᠢᠶᠠᠬᠤ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠪᠣᠳᠠᠲᠠᠶ ᠠᠵᠢᠯᠯᠠᠬᠤ ᠪᠣᠳᠠᠲᠤ | ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠶ᠃ ᠮᠠᠨ ᠤ ᠬᠤᠰᠢᠭᠤᠨ ᠤ ᠣᠳᠣᠬᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ | ᠬᠢᠵᠠᠭᠠᠷᠯᠠᠬᠤ ᠠᠰᠠᠭᠤᠳᠠᠯ ᠢ ᠣᠨᠣᠪᠴᠢᠲᠠᠶ ᠲᠠᠨᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ | ᠲᠠᠯ᠎ᠠ ᠪᠠᠷ ᠳᠣᠭᠤᠰᠢᠯᠠᠭᠠᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠪᠠᠷᠢᠮᠲᠠᠯᠠᠵᠤ | ᠂ ᠮᠠᠨ ᠤ ᠬᠤᠰᠢᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠲᠠᠷᠢᠶᠠᠯᠠᠩ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ᠂ ᠪᠣᠭᠤᠮᠲᠠ ᠶᠢᠨ ᠴᠢᠳᠠᠪᠤᠷᠢ ᠶᠢ ᠥᠷᠭᠡᠳᠬᠡᠬᠦ ᠵᠡᠷᠭᠡ ᠭᠤᠤᠯᠳᠠᠯᠭ᠎ᠠ ᠲᠠᠢ ᠠᠵᠢᠯ ᠳᠤ | ᠴᠢᠭᠯᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠲᠠᠲᠠᠬᠤ | ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠥᠭᠵᠢᠯᠲᠡ ᠶᠢᠨ ᠤᠷᠤᠯᠳᠤᠭᠠᠨ ᠤ ᠵᠠᠮ ᠢ ᠤᠷᠢᠳᠴᠢᠯᠠᠨ ᠪᠠᠶᠢᠷᠢᠯᠠᠭᠤᠯᠵᠤ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠥᠳᠡᠯᠭᠡᠬᠦ | ᠬᠦᠴᠦᠨ ᠬᠠᠩᠭᠠᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ︽ᠮᠠᠯᠵᠢᠬᠤ ᠲᠠᠷᠢᠶᠠᠯᠠᠬᠤ ᠣᠷᠣᠨ ᠮᠠᠯ ᠠᠵᠤ | ᠠᠬᠤᠢ ᠲᠠᠷᠢᠶᠠᠯᠠᠩ ᠮᠠᠯᠴᠢᠨ ᠲᠠᠷᠢᠶᠠᠴᠢᠨ︾ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠥᠳᠡᠭᠡ | ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠠᠷᠠᠳ ᠢ | ᠪᠠᠶᠠᠵᠢᠭᠤᠯᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ︽ᠮᠢᠬ᠎ᠠ᠂ ᠡᠪᠡᠰᠦ᠂ ᠡᠮ᠂ ᠪᠤᠷᠳᠤᠭᠤᠷ᠂ | ᠲᠥᠮᠥᠰᠥ᠂ ᠮᠣᠷᠢ︾ ᠵᠡᠷᠭᠡ ᠵᠢᠷᠭᠤᠭᠠᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠳᠡᠮᠵᠢᠯᠭᠡ ᠶᠢᠨ | ᠲᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠤᠯᠠᠨ ᠲᠦᠮᠡᠨ ᠤ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ | ᠬᠦᠷᠢᠶᠡᠨ ᠳᠠᠬᠢ ᠪᠠᠴᠢᠮᠳᠠᠵᠤ ᠬᠥᠴᠢᠷᠳᠡᠵᠥ ᠵᠤᠪᠠᠨᠢᠵᠥ ᠬᠥᠰᠡᠵᠥ ᠪᠠᠶᠢᠭ᠎ᠠ ᠠᠰᠠᠭᠤᠳᠠᠯ ᠤᠨ ᠲᠣᠭᠤᠷᠢᠨ ᠳᠤ᠂ | ᠠᠷᠠᠳ ᠤᠨ ᠠᠮᠢᠳᠤᠷᠠᠯ ᠤᠨ ᠰᠠᠭᠤᠷᠢ ᠲᠥᠬᠦᠭᠡᠷᠦᠮᠵᠢ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠤᠯᠠᠨ | ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ | ᠃ ᠬᠤᠶᠠᠷ ᠢ ᠬᠦᠷᠢᠶᠡᠯᠡᠬᠦ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠮᠠᠨ ᠤ ᠬᠤᠰᠢᠭᠤᠨ ᠤ ᠳᠠᠪᠠᠭᠤᠯᠢᠭ ᠢ | ᠬᠥᠢᠴᠡᠳ ᠠᠰᠢᠭᠯᠠᠨ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯᠴᠠᠭ᠎ᠠ᠂ ᠴᠡᠷᠢᠭ ᠠᠷᠠᠳ ᠤᠨ | ᠠᠭᠤᠰᠤᠯᠴᠠᠯ ᠢ ᠴᠢᠩᠭᠠᠳᠬᠠᠵᠤ᠂ ᠡᠬᠢ ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠰᠠᠭᠤᠭ᠎ᠠ ᠭᠠᠵᠠᠷ ᠤᠨ | ᠴᠡᠷᠢᠭ ᠠᠩᠭᠢ ᠶᠢᠨ ᠴᠡᠷᠢᠭ ᠪᠣᠯᠪᠠᠰᠤᠷᠠᠭᠤᠯᠵᠤ ᠲᠡᠶᠢᠨ ᠳᠤ ᠪᠡᠯᠡᠳᠬᠡᠬᠦ᠂ ᠠᠷᠤ ᠲᠠᠯ᠎ᠠ ᠶᠢᠨ ᠪᠠᠲᠤᠯᠠᠭ᠎ᠠ ᠵᠡᠷᠭᠡ | ᠠᠵᠢᠯ ᠢ ᠰᠠᠶᠢᠲᠤᠷ ᠠᠳᠬᠤᠬᠤ ᠶᠢ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠬᠤ ᠶᠢᠨ ᠬᠠᠮᠲᠤ ᠬᠤᠶᠠᠷ ᠢ | ᠬᠦᠷᠢᠶᠡᠯᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠵᠤ | ᠴᠡᠷᠢᠭ ᠢᠶᠠᠨ ᠬᠦᠷᠢᠶᠡᠯᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ᠃ ᠠᠵᠢᠯᠯᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠪᠦᠬᠦ ᠤᠯᠤᠰ ᠤᠨ ᠬᠤᠶᠠᠷ ᠬᠤᠷᠠᠯ ᠠᠴᠠ ᠪᠠᠶᠢᠷᠢᠯᠠᠭᠤᠯᠤᠭᠰᠠᠨ ᠠᠵᠢᠯ ᠤᠨ ᠡᠭᠦᠷᠭᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ | ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ | ᠠᠵᠢᠯᠯᠠᠭ᠎ᠠ ᠶᠢᠨ ᠲᠦᠷᠢᠮ ᠢ ᠤᠬᠠᠮᠰᠠᠷ ᠠᠴᠠ ᠪᠠᠨ ᠵᠢᠷᠤᠮᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ | ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ ᠬᠡᠷᠡᠭᠲᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ | ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠪᠠᠶᠢᠳᠠᠯ ᠢ ᠰᠣᠨᠣᠰᠴᠤ᠂ 2025 | ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ | ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢ ᠶᠢᠨ ᠫᠢᠩ ᠶᠡᠷᠦᠩᠬᠡᠶ | ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠳᠣᠭᠤᠰᠢᠯᠠᠭᠤᠯᠵᠤ᠂ ᠮᠠᠨ ᠤ ᠬᠤᠰᠢᠭᠤᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ | ᠂ ᠭᠤᠤᠯ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠠᠵᠢᠯ ᠤᠨ ᠤᠶᠠᠯᠳᠤᠯ ᠤᠨ ᠴᠡᠭ ᠢᠶᠠᠨ ᠣᠨᠣᠪᠴᠢᠲᠠᠶ ᠡᠷᠢᠨ | ᠣᠯᠵᠤ᠂ ᠴᠢᠬᠤᠯᠠ ᠶᠡᠭᠡ ᠲᠥᠷᠥᠯ ᠵᠦᠢᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠨᠥᠬᠦᠪᠥᠷᠢ ᠶᠢᠨ ᠪᠠᠯᠠ | ᠮᠥᠩᠭᠦ ᠲᠠᠷᠬᠠᠭᠠᠬᠤ ᠵᠡᠷᠭᠡ ᠬᠦᠷᠢᠶᠡᠨ ᠳᠠᠬᠢ ᠬᠢᠨᠠᠨ ᠪᠤᠳᠤᠬᠤ ᠬᠢᠨᠠᠯᠲᠠ ᠶᠢ ᠳᠣᠪᠤᠶᠢᠯᠭᠠᠵᠤ᠂ ᠬᠢᠨᠠᠨ ᠪᠤᠳᠤᠬᠤ ᠪᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠴᠠᠭᠳᠠᠨ ᠪᠠᠶᠢᠴᠠᠭᠠᠬᠤ ᠵᠡᠷᠭᠡ ᠡᠯ᠎ᠡ ᠲᠥᠷᠥᠯ ᠤᠨ ᠬᠢᠨᠠᠯᠲᠠ ᠶᠢ | ᠨᠡᠪᠲᠡᠷᠡᠯᠴᠡᠭᠦᠯᠬᠦ ᠪᠦᠲᠦᠮᠵᠢᠲᠡᠶ ᠠᠷᠭ᠎ᠠ ᠵᠠᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠬᠦᠴᠦᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ | ᠬᠢᠨᠠᠨ ᠪᠤᠳᠤᠬᠤ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠴᠢᠨᠠᠷ ᠰᠠᠶᠢᠲᠠᠶ ᠬᠢᠨᠠᠨ ᠪᠤᠳᠤᠯᠲᠠ ᠪᠠᠷ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠪᠣᠯᠭᠠᠬᠤ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |