3 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ ᠭᠦᠨᠵᠡᠭᠡᠶᠢᠷᠡᠵᠦ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠵᠢᠴᠢ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ᠂ ᠵᠢᠶᠠ ᠪᠦᠦ | ᠯᠢᠶᠠᠩ ᠠᠵᠢᠯᠲᠠᠨ ᠤ ᠲᠣᠬᠢᠷᠠᠭᠤᠯᠤᠯᠲᠠ᠂ ᠡᠮᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠬᠠᠮᠢᠶᠠᠷᠤᠯᠲᠠ | ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠮᠨᠡᠯᠭᠡ ᠶᠢᠨ ᠬᠤᠷᠢᠶᠠᠨ ᠤ ᠰᠢᠨᠵᠢᠯᠡᠭᠡᠨ ᠤ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠨᠢᠭᠡᠳᠦᠭᠡᠷ ᠪᠣᠭᠤᠮᠲᠠ ᠶᠢ | ᠡᠷᠬᠡᠪᠰᠢ ᠰᠠᠶᠢᠲᠤᠷ ᠡᠵᠡᠮᠳᠡᠵᠦ᠂ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ | ᠪᠥᠬᠦ ᠲᠠᠯ᠎ᠠ ᠪᠠᠷ ᠪᠠᠲᠤᠯᠠᠬᠤ ᠶᠢ ᠵᠣᠷᠢᠭᠵᠢᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠵᠢᠶᠠ ᠪᠦᠦ ᠯᠢᠶᠠᠩ ᠮᠠᠨ ᠤ ᠬᠤᠰᠢᠭᠤᠨ ᠤ ᠡᠮ ᠡᠮᠨᠡᠯᠭᠡ ᠶᠢᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠰᠣᠨᠣᠰᠴᠤ᠂ ᠬᠤᠷᠠᠯ ᠳᠤ ᠣᠷᠣᠯᠴᠠᠭᠰᠠᠨ ᠨᠥᠬᠦᠳ ᠡᠮ | ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠡᠷᠬᠢᠨ ᠠᠬᠢᠭᠤᠯᠬᠤ ᠲᠤᠬᠠᠶ ᠰᠠᠨᠠᠯ ᠢᠶᠠᠨ ᠰᠣᠯᠢᠯᠴᠠᠬᠤ | ᠶᠠᠷᠢᠶ᠎ᠠ ᠲᠠᠯᠪᠢᠪᠠ᠃ | ᠵᠢᠶᠠ ᠪᠦᠦ ᠯᠢᠶᠠᠩ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢᠶᠠᠨ ᠤ | ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠲᠠᠨᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠡᠮᠨᠡᠯᠭᠡ ᠶᠢᠨ ᠬᠤᠷᠢᠶᠠᠨ ᠤ ᠡᠪᠡᠳᠴᠢᠨ | ᠦᠵᠡᠭᠦᠯᠬᠦ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ | ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ | ᠲᠠᠰᠤᠷᠠᠯᠲᠠ ᠥᠬᠡᠶ ᠳᠣᠷᠣᠭᠰᠢ ᠪᠠᠭᠤᠯᠭᠠᠬᠤ ᠶᠢ ᠠᠬᠢᠭᠤᠯᠬᠤ ᠬᠡᠷᠡᠭᠲᠡᠶ᠃ ᠰᠢᠶᠠᠨ ᠤ ᠬᠡᠪᠴᠢᠶᠡᠨ ᠤ ᠡᠮ | ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠪᠴᠢᠶ᠎ᠡ ᠶᠢ ᠥᠷᠭᠡᠳᠬᠡᠬᠦ᠂ ᠬᠥᠮᠦᠨ ᠪᠠ ᠡᠳ᠋ | ᠪᠣᠳᠠᠰ ᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ | ᠪᠠᠶᠢᠭᠤᠯᠬᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ᠂ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠳᠤ | ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠲᠠᠩᠰᠠ ᠭᠠᠷᠭᠠᠨ᠂ ᠡᠬᠡ ᠲᠠᠩᠰᠠ ᠪᠠᠶᠢᠭᠤᠯᠵᠤ᠂ | ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠪᠠᠬᠢᠵᠢᠭᠦᠯᠵᠦ᠂ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠶ᠃ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠢᠲᠠᠳ ᠡᠮᠨᠡᠯᠭᠡ᠂ ᠮᠣᠩᠭᠤᠯ ᠡᠮᠨᠡᠯᠭᠡ ᠶᠢᠨ ᠣᠨᠴᠠᠯᠢᠭᠲᠤ | ᠡᠮᠴᠢᠯᠡᠭᠡᠨ ᠤ ᠮᠡᠷᠭᠡᠵᠢᠯ ᠢ ᠪᠠᠳᠠᠷᠠᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ | ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠦᠨᠡᠨᠬᠦ | ᠰᠠᠶᠢᠲᠤᠷ ᠰᠢᠢᠳᠪᠦᠷᠢᠯᠡᠵᠦ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠬᠤᠰᠢᠭᠤᠨ ᠤ ᠤᠳᠤᠷᠢᠳᠤᠯᠭ᠎ᠠ ᠼᠦᠢ ᠬᠤ᠋᠂ ᠶᠠᠨ ᠴᠦᠨ ᠯᠸᠢ᠂ ᠯᠢᠦ ᠯᠢᠶᠠᠩ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ |